ᠴᠧᠨ ᠬᠣ᠋ ᠨᠠᠨ ᠪᠦᠬᠦ ᠬᠤᠰᠢᠭᠤᠨ ᠤ 2025 ᠣᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/27
       11 ᠰᠠᠷ᠎ᠠ ᠶᠢᠨ 25 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠪᠦᠬᠦ ᠬᠤᠰᠢᠭᠤᠨ ᠤ 2025 ᠣᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠵᠢᠶᠠ ᡁᠢ ᠬᠤᠩ᠂ ᠬᠤᠰᠢᠭᠤᠨ ᠳᠡᠳ᠋ ᠳᠠᠷᠤᠭ᠎ᠠ ᠶᠠᠨ ᠰᠢᠤᠸᠠᠢ ᠲᠤᠤ᠂ ᠮᠦ ᠭᠦᠸᠧ ᠳ᠋ᠦᠩ ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠬᠤᠰᠢᠭᠤᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠠᠴᠠ 2025 ᠣᠨ ᠤ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠭᠠᠷᠳᠠᠮ ᠭᠦᠢᠴᠡᠣᠡᠭᠡᠬᠦ᠂ ᠬᠦᠴᠦᠨ ᠵᠦᠢᠯ ᠤᠨ ᠪᠠᠲᠤᠯᠠᠭ᠎ᠠ ᠬᠠᠩᠭᠠᠬᠤ ᠵᠡᠷᠭᠡ ᠠᠵᠢᠯ ᠤᠨ ᠲᠣᠭᠤᠷᠢᠨ ᠳᠤ ᠨᠢᠭᠡᠳ ᠨᠢᠭᠡ ᠪᠠᠷ ᠶᠠᠷᠢᠶ᠎ᠠ ᠲᠠᠯᠪᠢᠪᠠ᠃        ᠴᠧᠨ ᠬᠤ᠋ ᠨᠠᠨ ᠴᠢᠬᠤᠯᠠᠴᠢᠯᠠᠬᠤ ᠳᠠᠭᠠᠨ᠂ 2025 ᠣᠨ ᠳᠤ ᠲᠥᠯᠥᠪᠵᠢᠭᠦᠯᠦᠨ ᠬᠡᠷᠡᠭᠵᠢᠭᠦᠯᠬᠦ ᠪᠠᠷ ᠪᠠᠶᠢᠭ᠎ᠠ ᠬᠤᠷᠴᠢᠨ ᠤ ᠡᠯᠡᠰᠦᠷᠬᠡᠭ ᠭᠠᠵᠠᠷ ᠤᠨ ︽ᠡᠯᠡᠰᠦ ᠪᠠᠷ ᠨᠡᠪᠲᠡᠷᠡᠬᠦ ᠵᠠᠰᠠᠮᠠᠯ ᠵᠠᠮ︾ ᠪᠣᠯ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠵᠠᠮ ᠤᠨ ᠵᠠᠶ ᠬᠠᠮᠤᠭ ᠤᠨ ᠤᠷᠳᠤ᠂ ᠪᠡᠯᠡ ᠣᠷᠣᠭᠤᠯᠤᠯᠲᠠ ᠶᠢᠨ ᠲᠤᠭ᠎ᠠ ᠬᠠᠮᠤᠭ ᠤᠨ ᠶᠡᠭᠡ ᠪᠣᠯᠬᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠪᠠᠶᠢᠵᠤ᠂ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠮᠠᠨ ᠤ ᠬᠤᠰᠢᠭᠤᠨ ᠤ ᠪᠦᠬᠦ ᠣᠷᠣᠨ ᠪᠦᠰᠡ ᠶᠢᠨ ᠡᠯᠡᠰᠦᠷᠬᠡᠭ ᠭᠠᠵᠠᠷ ᠤᠨ ᠵᠠᠮ ᠬᠠᠷᠢᠯᠴᠠᠭᠠᠨ ᠤ ᠲᠤᠤᠷ ᠢ ᠦᠨᠳᠦᠰᠦᠨ ᠳᠡᠭᠡᠨ ᠪᠦᠷᠬᠦᠵᠦ᠂ ᠵᠠᠮ ᠨᠡᠪᠲᠡᠷᠡᠯᠭᠡ ᠶᠢᠨ ᠬᠡᠮᠵᠢᠶ᠎ᠡ ᠶᠢ ᠤᠯᠠᠮ ᠴᠢᠨᠠᠭᠰᠢᠳᠠ ᠳᠡᠭᠡᠭᠰᠢᠯᠡᠭᠦᠯᠦᠨ᠂ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠦᠢᠯᠡᠣᠡᠪᠣᠷᠢᠯᠡᠯ ᠠᠮᠢ ᠠᠬᠤᠶ ᠶᠢ ᠬᠠᠮᠲᠤ ᠳᠤᠨᠢ ᠬᠠᠷᠠᠭᠠᠯᠵᠠᠬᠤ᠂ ᠡᠯᠡᠰᠦ ᠶᠢ ᠵᠠᠰᠠᠵᠤ ᠪᠠᠶᠠᠵᠢᠨ ᠴᠢᠨᠡᠭᠡᠯᠢᠭᠵᠢᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠪᠣᠯᠤᠨ᠎ᠠ᠃ ᠡᠯ᠎ᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠭᠠᠵᠠᠷ ᠣᠷᠣᠨ ᠤ ᠪᠣᠳᠠᠲᠤ ᠪᠠᠶᠢᠳᠡᠯ ᠲᠠᠢ ᠪᠠᠨ ᠤᠶᠠᠯᠳᠤᠭᠤᠯᠤᠨ ᠨᠢᠭᠡ ᠪᠦᠯᠦᠭ ᠵᠠᠮ ᠬᠠᠷᠢᠯᠴᠠᠭᠠᠨ ᠤ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠵᠠᠮ ᠬᠠᠷᠢᠯᠴᠠᠭᠠᠨ ᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠠᠵᠢᠯ ᠤᠨ ᠲᠤᠰᠬᠠᠶ ᠠᠩᠭᠢ ᠪᠠᠶᠢᠭᠤᠯᠵᠤ᠂ ᠠᠵᠢᠯ ᠤᠨ ᠴᠠᠭ ᠤᠨ ᠬᠢᠵᠠᠭᠠᠷ ᠢ ᠣᠬᠤᠷᠢᠭᠤᠯᠣᠨ ᠵᠢᠭᠰᠠᠭᠠᠵᠤ᠂ ᠲᠥᠷᠥᠯ ᠵᠦᠢᠯ ᠤᠨ ᠬᠥᠳᠡᠯᠦᠯ ᠪᠠᠶᠢᠳᠡᠯ ᠢ ᠴᠠᠭ ᠲᠤᠬᠠᠶ ᠳᠤᠨᠢ ᠡᠵᠡᠮᠰᠢᠵᠦ᠂ ᠲᠤᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ ᠵᠢᠯᠣᠭᠤᠳᠴᠤ ᠪᠠᠶᠢᠴᠠᠭᠠᠨ᠂ ᠠᠵᠢᠯ ᠢ ᠠᠬᠢᠭᠤᠯᠬᠤ ᠳᠤᠮᠳᠠᠬᠢ ᠲᠦᠭᠵᠢᠷᠡᠯ᠂ ᠬᠦᠴᠢᠷ ᠠᠰᠠᠭᠤᠳᠠᠯ᠂ ᠡᠮᠵᠡᠭ ᠠᠰᠠᠭᠤᠳᠠᠯ ᠢ ᠵᠣᠬᠢᠴᠠᠭᠤᠯᠤᠨ ᠰᠠᠶᠢᠲᠤᠷ ᠰᠢᠢᠳᠪᠦᠷᠢᠯᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠬᠤᠷᠳᠤᠴᠠ ᠪᠠ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠠᠮ ᠱᠤᠭᠤᠮ ᠤᠨ ᠰᠣᠩᠭᠤᠯᠲᠠ᠂ ᠭᠠᠵᠠᠷ ᠰᠢᠷᠣᠶ ᠲᠠᠲᠠᠪᠤᠷᠢᠯᠠᠨ ᠡᠵᠡᠯᠡᠬᠦ᠂ ᠮᠠᠲ᠋ᠧᠷᠢᠶᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠪᠦᠲᠦᠮᠵᠢᠲᠡᠶ ᠰᠠᠶᠢᠲᠤᠷ ᠬᠢᠵᠦ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠵᠤ ᠲᠥᠷᠥᠯ ᠵᠦᠢᠯ ᠤᠨ ᠬᠢᠨᠠᠨ ᠵᠥᠪᠰᠢᠶᠡᠷᠡᠯᠲᠡ ᠳᠤ ᠦᠢᠯᠡᠴᠢᠯᠡᠬᠦ ᠪᠠ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠵᠤ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡᠬᠡᠨ ᠪᠠᠶᠢᠭᠤᠯᠵᠤ ᠳᠠᠭᠤᠰᠬᠠᠨ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠪᠡ᠃        ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ︵ᠯᠢ ᠬᠤᠸᠠᠨ ᠢᠦᠶ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号