ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠵᠢᠴᠢ 2025 ᠣᠨ ᠤ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/27
       11 ᠰᠠᠷ᠎ᠠ ᠶᠢᠨ 25 ᠤ ᠡᠳᠦᠷ᠂ ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠵᠢᠴᠢ 2025 ᠣᠨ ᠤ ᠴᠠᠬᠢᠯᠭᠠᠨ ᠬᠦᠴᠦᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ  ᠤᠨ ᠣᠷᠳᠣᠨ ᠤ ᠳᠠᠷᠤᠭ᠎ᠠ ᠴᠧᠨ ᠬᠤ᠋ ᠨᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠢᠶᠠ ᡁᠢ ᠬᠤᠩ ᠬᠤᠷᠠᠯ ᠡᠷᠬᠢᠯᠡᠪᠡ᠃
       ᠬᠤᠷᠠᠯ ᠳᠡᠭᠡᠷ᠎ᠡ᠂ ᠤᠯᠤᠰ ᠤᠨ ᠴᠠᠬᠢᠯᠭᠠᠨ ᠲᠤᠤᠷ ᠤᠨ ᠠᠷᠤ ᠬᠤᠷᠴᠢᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠪᠦᠬᠦ ᠬᠤᠰᠢᠭᠤᠨ ᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠵᠢᠴᠢ 2025 ᠣᠨ ᠤ ᠴᠠᠬᠢᠯᠭᠠᠨ ᠬᠦᠴᠦᠨ ᠤ ᠲᠥᠷᠥᠯ ᠵᠦᠢᠯ ᠢ ᠲᠥᠯᠬᠢᠨ ᠠᠬᠢᠭᠤᠯᠬᠤ ᠪᠠᠷ ᠲᠥᠯᠥᠪᠯᠡᠵᠦ ᠪᠠᠶᠢᠭ᠎ᠠ ᠪᠠᠶᠢᠳᠡᠯ ᠢᠶᠠᠨ ᠬᠠᠷᠢᠭᠤ ᠮᠡᠳᠡᠭᠦᠯᠵᠦ ᠬᠤᠷᠠᠯ ᠳᠤ ᠣᠷᠣᠯᠴᠠᠭᠰᠠᠳ ᠣᠳᠣᠬᠠᠨ ᠤ ᠲᠥᠷᠥᠯ ᠵᠦᠢᠯ ᠢ ᠲᠦᠯᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠨᠢᠭᠡᠳ ᠨᠢᠭᠡ ᠪᠠᠷ ᠡᠮᠬᠢᠯᠡᠨ ᠲᠢᠭᠯᠡᠵᠦ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃        ᠴᠧᠨ ᠬᠤ᠋ ᠨᠠᠨ ᠠᠴᠠ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠯ ᠠᠵᠤ ᠦᠢᠯᠡᠰ ᠤᠨ ᠪᠦᠲᠦᠴᠡ ᠶᠢᠨ ᠪᠣᠬᠢᠷᠲᠤᠯ ᠦᠭᠡᠶ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ᠂ ᠰᠠᠭᠤᠷᠢ ᠲᠥᠬᠦᠭᠡᠷᠦᠮᠵᠢ ᠶᠢᠨ ᠪᠠᠲᠤᠯᠠᠪᠤᠷᠢ ᠶᠢᠨ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠪᠣᠯᠬᠤ ᠶᠤᠮ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠦᠵᠡᠯ ᠰᠠᠨᠠᠭ᠎ᠠ ᠪᠠᠨ ᠨᠢᠭᠡᠳᠬᠡᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠴᠠᠬᠢᠯᠭᠠᠨ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠴᠠᠬᠢᠯᠭᠠᠨ ᠬᠦᠴᠦᠨ ᠤ ᠪᠠᠶᠢᠭᠤᠯᠤᠯᠲᠠ ᠶᠢ ᠪᠠᠲᠤᠳᠬᠠᠨ᠂ ᠴᠠᠬᠢᠯᠭᠠᠨ ᠬᠦᠴᠦᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠴᠢᠳᠠᠮᠵᠢ ᠨᠢ ᠨᠠᠩ ᠬᠦᠴᠦᠷᠬᠡᠭ᠂ ᠠᠵᠢᠯᠯᠠᠭᠠᠨ ᠨᠢ ᠨᠠᠩ ᠠᠮᠢᠳᠤᠯᠢᠭ᠂ ᠨᠠᠩ ᠤᠶᠠᠨ ᠬᠠᠲᠠᠨ ᠴᠢᠨᠠᠷ ᠪᠦᠬᠦᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠢᠭᠤᠯᠵᠤ᠂ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠢᠲᠠᠶ ᠬᠥᠭᠵᠢᠯᠲᠡ ᠳᠤ ᠬᠦᠴᠦᠨ ᠲᠡᠭᠦᠯᠳᠡᠷ ᠴᠠᠬᠢᠯᠭᠠᠨ ᠬᠦᠴᠦᠨ ᠤ ᠪᠠᠲᠤᠯᠠᠭ᠎ᠠ ᠬᠠᠩᠭᠠᠬᠤ ᠬᠡᠷᠡᠭᠲᠡᠶ᠂ ᠭᠤᠤᠯᠳᠠᠯᠭ᠎ᠠ ᠲᠠᠢ ᠴᠠᠬᠢᠯᠭᠠᠨ ᠬᠦᠴᠦᠨ ᠤ ᠲᠥᠷᠥᠯ ᠵᠦᠢᠯ ᠤᠨ ᠪᠠᠶᠢᠭᠤᠯᠤᠯᠲᠠ ᠶᠢ ᠲᠥᠷᠭᠡᠳᠬᠡᠵᠦ  ᠬᠠᠷᠢᠭᠤᠴᠠᠯᠭ᠎ᠠ ᠶᠢᠨ ᠭᠤᠤᠯ ᠴᠣᠭᠴᠠ᠂ ᠬᠠᠷᠠᠯᠲᠠᠲᠤ ᠡᠭᠦᠷᠭᠡ ᠪᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠬᠥᠰᠢᠶ᠎ᠡ ᠳᠤᠷᠠᠰᠬᠠᠯ ᠤᠨ ᠮᠠᠶ᠋ᠢᠭ ᠤᠨ ᠬᠠᠮᠢᠶᠠᠷᠤᠯᠲᠠ ᠶᠢᠨ ᠲᠥᠷᠥᠯ ᠵᠦᠢᠯ ᠤᠨ ᠠᠬᠢᠴᠠ ᠶᠢ ᠲᠣᠳᠣᠷᠬᠠᠶᠢᠯᠠᠵᠤ᠂     ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠵᠥᠪᠳᠡᠯᠴᠡᠨ ᠰᠤᠳᠤᠯᠤᠨ ᠮᠠᠭᠠᠳᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠪᠠ ᠰᠡᠷᠡᠮᠵᠢᠯᠡᠭᠦᠯᠦᠨ ᠰᠠᠨᠠᠭᠤᠯᠬᠤ ᠲᠣᠭᠲᠠᠴᠠ ᠶᠢ ᠪᠠᠶᠢᠭᠤᠯᠣᠨ᠂ ᠲᠥᠷᠥᠯ ᠵᠦᠢᠯ ᠤᠨ ᠥᠨᠳᠥᠷ ᠪᠠᠷᠢᠮᠵᠢᠶ᠎ᠠ ᠲᠠᠢ᠂ ᠥᠨᠳᠥᠷ ᠦᠷ᠎ᠡ ᠪᠦᠲᠦᠮᠵᠢ ᠲᠠᠢ᠂ ᠴᠢᠨᠠᠷ ᠰᠠᠶᠢᠲᠠᠶ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠲᠥᠯᠥᠪᠵᠢᠭᠦᠯᠭᠡ ᠶᠢ ᠬᠤᠲᠠ ᠬᠥᠳᠡᠭᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠲᠥᠯᠥᠪᠵᠢᠭᠦᠯᠭᠡ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠯᠦᠭᠡ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠬᠦᠴᠦᠳᠡᠯ ᠥᠭᠡᠷᠡᠴᠢᠯᠡᠬᠦ ᠥᠷᠲᠡᠭᠡᠨ ᠤ ᠬᠠᠶ᠋ᠢᠭ᠂ ᠴᠠᠬᠢᠯᠭᠠᠨ ᠬᠦᠴᠦᠨ ᠤ ᠱᠤᠭᠤᠮ ᠤᠨ ᠬᠤᠩᠭᠢᠯ ᠵᠠᠮ ᠵᠡᠷᠭᠡ ᠶᠢ ᠬᠠᠤᠯᠢ ᠶᠣᠰᠣᠭᠠᠷ ᠡᠵᠡᠮᠳᠡᠬᠦ ᠪᠠ ᠤᠷᠢᠳᠴᠢᠯᠠᠨ ᠬᠠᠳᠠᠭᠠᠯᠠᠵᠤ᠂ ᠲᠥᠯᠥᠪᠵᠢᠭᠦᠯᠦᠭᠰᠡᠨ ᠵᠦᠢᠯᠡᠰ ᠢ ᠪᠣᠳᠠᠲᠠᠶ ᠳᠤ ᠨᠠᠶᠢᠳᠠᠪᠤᠷᠢᠵᠢᠭᠤᠯᠬᠤ᠂ ᠬᠡᠷᠡᠭᠵᠢᠭᠦᠯᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠵᠠᠶ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ︵ᠯᠢ ᠬᠤᠸᠠᠨ ᠢᠦᠢ᠂ ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号