ᠠᠷᠤ ᠬᠤᠷᠴᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠠᠰᠤ ᠮᠥᠰᠥ ᠠᠷᠢᠯᠭᠠᠨ ᠴᠡᠪᠡᠷᠯᠡᠬᠦ ᠪᠦᠬᠦ ᠶᠠᠪᠣᠴᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/28
       11 ᠰᠠᠷ᠎ᠠ ᠶᠢᠨ 26 ᠤ ᠡᠳᠦᠷ᠂ ᠴᠢᠪᠠᠭ᠎ᠠ ᠬᠤᠲᠠ ᠲᠣᠭᠤᠷᠢᠭ ᠲᠤ 2024 ᠣᠨ ᠤ ᠡᠪᠦᠯ ᠠᠴᠠ ᠨᠠᠰᠢᠬᠢ ᠠᠩᠬᠠᠳᠠᠭᠴᠢ ᠴᠠᠰᠤ ᠣᠷᠤᠭᠰᠠᠨ ᠢᠶᠠᠷ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠵᠠᠮ ᠱᠤᠭᠤᠮ ᠢ ᠠᠯᠢ ᠲᠦᠷᠭᠡᠨ ᠢᠶᠠᠷ ᠰᠠᠭᠠᠳ ᠥᠬᠡᠶ ᠨᠡᠪᠲᠡᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠵᠣᠷᠢᠯᠭ᠎ᠠ ᠠᠴᠠ᠂ ᠠᠷᠤ ᠬᠤᠷᠴᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢᠭᠡ ᠲᠠᠯ᠎ᠠ ᠪᠠᠷ ᠴᠠᠰᠤ ᠮᠥᠰᠥ ᠠᠷᠢᠯᠭᠠᠨ ᠴᠡᠪᠡᠷᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠨᠥᠭᠦᠭᠡ ᠲᠠᠯ᠎ᠠ ᠪᠠᠷ ᠲᠤᠰ ᠤᠳᠠᠭᠠᠨ ᠤ ᠴᠠᠰᠤ ᠠᠷᠢᠯᠭᠠᠬᠤ ᠠᠵᠢᠯᠯᠠᠭ᠎ᠠ ᠪᠠᠷ ᠲᠣᠬᠢᠶᠠᠯ ᠪᠣᠯᠭᠠᠨ ᠶᠡᠭᠡ ᠴᠠᠰᠤᠨ ᠤᠷᠤᠭᠰᠠᠨ ᠪᠣᠳᠠᠲᠠᠶ ᠪᠠᠶᠢᠯᠳᠤᠭᠠᠨ ᠢ ᠳᠠᠭᠤᠷᠢᠶᠠᠵᠤ᠂ ᠪᠥᠬᠦ ᠶᠠᠪᠤᠴᠠ ᠶᠢᠨ ᠴᠠᠰᠤ ᠮᠥᠰᠥ ᠴᠡᠪᠡᠷᠯᠡᠨ ᠠᠷᠢᠯᠭᠠᠬᠤ ᠠᠵᠢᠯᠯᠠᠭ᠎ᠠ ᠶᠢᠨ ᠰᠣᠷᠢᠯᠲᠠ ᠪᠣᠯᠪᠠᠰᠤᠷᠠᠯ ᠬᠢᠭᠰᠡᠨ ᠪᠠᠶᠢᠨ᠎ᠠ᠃
       ᠴᠠᠰᠤ ᠠᠷᠢᠯᠭᠠᠬᠤ ᠲᠥᠬᠦᠭᠡᠷᠦᠮᠵᠢ ᠶᠢ ᠰᠢᠯᠭᠠᠨ ᠪᠠᠶᠢᠴᠠᠭᠠᠵᠣ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠲᠤᠰ ᠤᠳᠠᠭᠠᠨ ᠤ ᠴᠠᠰᠤ ᠠᠷᠢᠯᠭᠠᠬᠤ ᠶᠠᠪᠤᠴᠠ ᠳᠤ ᠣᠳᠣ ᠪᠠᠶᠢᠭ᠎ᠠ ᠶᠡᠭᠡ ᠳᠤᠮᠳᠠ ᠪᠠᠭ᠎ᠠ ᠬᠡᠯᠪᠡᠷᠢ ᠶᠢᠨ ᠡᠯ᠎ᠡ ᠲᠥᠷᠥᠯ ᠤᠨ ᠴᠠᠰᠤ ᠠᠷᠢᠯᠭᠠᠬᠤ ᠲᠥᠬᠦᠭᠡᠷᠦᠮᠵᠢ ᠶᠢ ᠨᠡᠶᠢᠲᠡ 18 ᠰᠠᠤᠷᠢ ᠬᠡᠷᠡᠭᠯᠡᠵᠡᠶ᠃ ᠴᠠᠰᠤ ᠠᠷᠢᠯᠭᠠᠬᠤ ᠠᠵᠢᠯᠲᠠᠨ ︽ᠴᠠᠰᠤ ᠬᠠᠶᠢᠯᠤᠭᠤᠯᠤᠭᠴᠢ ᠡᠳ᠋ ᠢ ᠰᠠᠪᠠᠯᠠᠵᠤ ᠲᠠᠭᠯᠠᠬᠤ᠂ ᠲᠡᠷᠭᠡ ᠬᠥᠰᠬᠡ ᠲᠣᠭᠲᠠᠭᠰᠠᠨ ᠪᠠᠶᠢᠷᠢᠨ ᠳᠤ ᠬᠦᠷᠬᠦ᠂ ᠴᠠᠰᠤ ᠬᠠᠶᠢᠯᠣᠭᠤᠯᠣᠡᠡᠴᠢ ᠡᠳ᠋ ᠰᠠᠴᠤᠬᠤ᠂ ᠮᠠᠰᠢᠨ ᠲᠡᠷᠭᠡᠨ ᠤ ᠵᠠᠮ ᠤᠨ ᠴᠠᠰᠤ ᠶᠢ ᠠᠷᠢᠯᠭᠠᠬᠤ᠂ ᠶᠠᠪᠠᠭᠠᠨ ᠬᠥᠮᠦᠨ ᠤ ᠵᠠᠮ ᠤᠨ ᠴᠠᠰᠤ ᠶᠢ ᠠᠷᠢᠯᠭᠠᠬᠤ᠂ ᠶᠠᠰᠤ ᠴᠢᠨᠠᠷ ᠤᠨ ᠪᠠᠶᠢᠴᠠᠭᠠᠯᠳᠡ ᠲᠣᠭᠤᠷᠢᠨ ᠪᠠᠶᠢᠴᠠᠭᠠᠯᠲᠠ ᠬᠢᠬᠦ︾ ᠵᠡᠷᠭᠡ ᠶᠢᠨ ᠲᠣᠭᠤᠷᠢᠨ ᠳᠤ ᠴᠠᠰᠤ ᠠᠷᠢᠯᠭᠠᠬᠤ ᠬᠦᠴᠦᠨ ᠢ ᠵᠣᠬᠢᠴᠠᠭᠤᠯᠤᠨ ᠲᠣᠬᠢᠷᠠᠭᠤᠯᠵᠤ᠂ ᠠᠵᠢᠯᠯᠠᠬᠤ ᠲᠠᠰᠤᠭ ᠢ ᠵᠣᠬᠢᠰᠲᠠᠶ ᠬᠤᠪᠢᠶᠠᠷᠢᠯᠠᠵᠤ᠂ ᠪᠦᠬᠦ ᠶᠠᠪᠤᠴᠠ ᠶᠢᠨ ᠴᠠᠰᠤ ᠮᠥᠰᠥ ᠠᠷᠢᠯᠭᠠᠨ ᠴᠡᠪᠡᠷᠯᠡᠬᠦ ᠠᠵᠢᠯ ᠥᠷᠨᠢᠭᠦᠯᠪᠡ᠃ ᠴᠠᠰᠤ ᠮᠥᠰᠥ ᠠᠷᠢᠯᠭᠠᠨ ᠴᠡᠪᠡᠷᠯᠡᠬᠦ ᠡᠯ᠎ᠡ ᠳᠤᠭᠤᠶᠢᠯᠠᠩ ᠤᠨ ᠬᠢᠨ ᠦᠳᠲᠡᠷ ᠲᠦᠷᠭᠡᠨ ᠬᠥᠳᠡᠯᠦᠯᠴᠡᠨ ᠰᠠᠶᠢᠳᠣᠷ ᠬᠠᠮᠵᠢᠯᠴᠠᠵᠦ᠂ ᠡᠨᠡ ᠤᠳᠠᠭ᠎ᠠ ᠶᠢᠨ ᠴᠠᠰᠤ ᠠᠷᠢᠯᠭᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠴᠠᠰᠤ ᠠᠷᠢᠯᠭᠠᠬᠤ ᠲᠥᠬᠦᠭᠡᠷᠦᠮᠵᠢ ᠶᠢ ᠰᠢᠯᠭᠠᠨ ᠪᠠᠶᠢᠴᠠᠭᠠᠵᠣ᠂ ᠪᠠᠴᠢᠮ ᠪᠠᠶᠢᠳᠡᠯ ᠢ ᠠᠷᠭᠠᠴᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ ᠴᠢᠳᠠᠭᠰᠠᠨ ᠶᠤᠮ᠃
       ᠠᠷᠤ ᠬᠤᠷᠴᠢᠨ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠡᠪᠦᠯ ᠤᠨ ᠤᠯᠠᠷᠢᠯ ᠤᠨ ᠴᠠᠰᠤ ᠠᠷᠢᠯᠭᠠᠬᠤ ᠪᠠᠴᠢᠮ ᠪᠠᠶᠢᠳᠡᠯ ᠢ ᠠᠷᠭᠠᠴᠠᠬᠤ ᠲᠦᠰᠣᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠠᠰᠤ ᠠᠷᠢᠯᠭᠠᠬᠤ ᠲᠥᠬᠦᠭᠡᠷᠦᠮᠵᠢ ᠪᠠ ᠡᠳ᠋ ᠪᠣᠳᠠᠰ ᠤᠨ ᠨᠥᠭᠡᠴᠡ ᠶᠢ ᠴᠢᠩᠭᠠᠷᠠᠭᠤᠯᠤᠨ᠂ ᠴᠠᠰᠤ ᠠᠷᠢᠯᠭᠠᠬᠤ ᠠᠵᠢᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠬᠡᠴᠡᠭᠦᠦ ᠠᠭᠤᠷ ᠠᠮᠢᠰᠬᠤᠯ ᠤᠨ ᠳᠤᠤᠷ᠎ᠠ ᠴᠠᠰᠤ ᠠᠷᠢᠯᠭᠠᠬᠤ ᠠᠵᠢᠯ ᠢ ᠴᠠᠭ ᠲᠤᠬᠠᠶ ᠪᠦᠲᠦᠮᠵᠢᠲᠡᠶ ᠥᠷᠨᠢᠭᠦᠯᠬᠦ ᠶᠢ ᠪᠠᠲᠤᠯᠠᠵᠤ᠂ ᠬᠤᠲᠠ ᠲᠣᠭᠤᠷᠢᠭ ᠤᠨ ᠠᠷᠠᠳ ᠲᠤ ᠠᠮᠤᠷ ᠲᠦᠪᠰᠢᠨ ᠪᠥᠭᠡᠳ ᠰᠠᠭᠠᠳ ᠦᠭᠡᠢ ᠶᠠᠪᠤᠵᠤ ᠰᠠᠭᠤᠬᠤ ᠣᠷᠴᠢᠨ ᠨᠥᠬᠦᠴᠡᠯ ᠢ ᠪᠣᠶ ᠪᠣᠯᠭᠠᠨ ᠥᠭᠬᠦ ᠪᠠᠷ ᠴᠢᠷᠮᠠᠶᠢᠨ ᠠᠵᠢᠯᠯᠠᠵᠤ ᠪᠠᠶᠢᠨ᠎ᠠ᠃                                            ᠴᠢᠮᠡᠭᠡᠯᠡᠭᠴᠢ᠄ ᠴᠧᠨ ᠭᠦᠸᠧ ᠯᠦᠩ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号