ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ︽ᠢᠲᠡᠭᠡᠮᠵᠢᠲᠦ ᠤᠯᠠᠭᠠᠡᠬᠠᠳᠠ ᠵᠥᠪᠯᠡᠯᠭᠡ︾ ᠲᠣᠭᠤᠷᠢᠨ ᠦᠵᠡᠵᠦ ᠰᠤᠳᠤᠯᠤᠨ ᠶᠠᠷᠢᠯᠴᠠᠬᠤ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/11/28
       11 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠵᠢᠶᠠᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ               ︽ᠢᠲᠡᠭᠡᠮᠵᠢᠲᠦ ᠤᠯᠠᠭᠠᠨᠬᠠᠳᠠ ᠵᠥᠪᠯᠡᠯᠭᠡ︾ ᠲᠣᠭᠤᠷᠢᠨ ᠦᠵᠡᠬᠦ ᠪᠦᠯᠬᠦᠮ ᠢ ᠳᠠᠭᠠᠭᠤᠯᠤᠨ ᠠᠷᠤ ᠬᠤᠷᠴᠢᠨ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠡᠡᠰᠡᠨ ᠪᠥᠭᠡᠳ ᠰᠤᠳᠤᠯᠤᠨ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ  ᠨᠠᠮ  ᠤᠨ  ᠤᠳᠤᠷᠢᠳᠬᠤ  ᠳᠤᠭᠤᠶᠢᠯᠠᠩ  ᠤᠨ  ᠱᠦᠵᠢ᠂ ᠲᠡᠷᠢᠭᠦᠯᠡᠭᠴᠢ ᠰᠡᠷᠭᠦᠯᠡᠩ ᠠᠵᠢᠯᠯᠠᠭ᠎ᠠ ᠳᠤ ᠣᠷᠣᠯᠴᠠᠵᠠᠶ᠃
       ᠲᠣᠭᠤᠷᠢᠨ ᠦᠵᠡᠬᠦ ᠪᠦᠯᠬᠦᠮ ᠤᠨ ᠬᠢᠨ ᠤᠷᠢᠳ ᠬᠤᠵᠢᠳ ᠲᠢᠶᠠᠨ ᠶᠤᠸᠠᠨ ᠨᠡᠶᠢᠭᠡᠮ ᠲᠣᠭᠤᠷᠢᠭ᠂ ᠤᠣ ᠮᠥᠷᠡᠨ ᠵᠡᠭᠡᠯᠢ ᠭᠤᠳᠤᠮᠵᠢ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ᠂ ᠰᠢᠨ ᠮᠢᠨ ᠰᠢᠶᠠᠩ ᠤᠨ ᠰᠣᠣ ᠵᠸᠦ ᠪᠦᠦ ᠲᠣᠰᠬᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠪᠣᠯᠤᠨ ᠴᠢᠪᠠᠭ᠎ᠠ ᠪᠠᠯᠭᠠᠰᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠠᠵᠢᠯᠯᠠᠬᠤ ᠲᠠᠰᠤᠭ ᠲᠤ ᠬᠦᠷᠴᠦ ᠲᠤᠬᠠᠶ ᠶᠢᠨ ᠲᠠᠯᠠᠪᠠᠢ ᠳᠤᠨᠢ ᠲᠣᠭᠤᠷᠢᠨ ᠦᠵᠡᠵᠦ᠂ ︽ᠢᠲᠡᠭᠡᠮᠵᠢᠲᠦ ᠤᠯᠠᠭᠠᠨᠬᠠᠳᠠ ᠵᠥᠪᠯᠡᠯᠭᠡ︾ ᠶᠢᠨ ᠠᠵᠢᠯ ᠤᠨ ᠪᠠᠶᠢᠳᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠷᠤ ᠬᠤᠷᠴᠢᠨ ᠬᠤᠰᠢᠭᠤᠨ ᠤ ︽ᠢᠲᠡᠭᠡᠮᠵᠢᠲᠦ ᠤᠯᠠᠭᠠᠨᠬᠠᠳᠠ ᠵᠥᠪᠯᠡᠯᠭᠡ︾ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢᠨ ᠲᠤᠰᠬᠠᠶ ᠰᠡᠳᠦᠪᠲᠦ ᠹᠢᠯᠢᠮ ᠢ ᠦᠵᠡᠭᠰᠡᠨ ᠪᠥᠭᠡᠳ ᠬᠠᠮᠢᠶ᠎ᠠ ᠪᠦᠬᠦᠢ ᠳᠠᠩᠰᠠ ᠡᠪᠬᠡᠮᠡᠯ ᠮᠠᠲ᠋ᠧᠷᠢᠶᠠᠯ ᠢ ᠪᠠᠶᠢᠴᠠᠭᠠᠨ ᠦᠵᠡᠪᠡ᠃
       ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠬᠤ ᠬᠤᠷᠠᠯ ᠬᠢᠪᠡ᠃ ᠬᠤᠷᠠᠯ ᠳᠡᠭᠡᠷ᠎ᠡ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠪᠠ ᠲᠠᠷᠢᠶᠠᠯᠠᠩ ᠮᠠᠯ ᠠᠵᠤ ᠠᠬᠤᠶ ᠶᠢᠨ ᠵᠥᠪᠯᠡᠯ᠂ 12 ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠲᠤᠰ ᠲᠤᠰ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
       ᠸᠠᠩ ᠵᠢᠶᠠᠨ ᠠᠷᠤ ᠬᠤᠷᠴᠢᠨ ᠬᠤᠰᠢᠭᠤᠨ ᠤ ︽ᠢᠲᠡᠭᠡᠮᠵᠢᠲᠦ ᠤᠯᠠᠭᠠᠨᠬᠠᠳᠠ ᠵᠥᠪᠯᠡᠯᠭᠡ︾ ᠶᠢᠨ ᠠᠵᠢᠯ ᠤᠨ ᠠᠮᠵᠢᠯᠲᠠ ᠶᠢ ᠭᠦᠢᠴᠡᠣᠨ ᠨᠤᠲᠠᠯᠠᠵᠤ᠂ ᠪᠦᠬᠦ ᠬᠤᠲᠠ ᠶᠢᠨ ᠠᠵᠢᠯ ᠢ ᠲᠦᠯᠬᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠬᠦᠷᠦᠯᠴᠡᠬᠦ ᠦᠭᠡᠶ ᠲᠠᠯ᠎ᠠ ᠶᠢ ᠪᠤᠰᠤᠳᠴᠢ ᠪᠠᠷ ᠵᠢᠭᠠᠵᠤ ᠭᠠᠷᠭᠠᠭᠰᠠᠨ ᠪᠥᠭᠡᠳ ︽ᠢᠲᠡᠭᠡᠮᠵᠢᠲᠦ ᠤᠯᠠᠭᠠᠨᠬᠠᠳᠠ ᠵᠥᠪᠯᠡᠯᠭᠡ︾ ᠶᠢ ᠨᠠᠷᠡᠲᠤ ᠲᠡᠮᠳᠡᠭᠵᠢᠭᠦᠯᠬᠦ᠂ ᠵᠢᠷᠤᠮᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ ᠬᠤᠷᠠᠯ ᠳᠤ ᠣᠷᠣᠯᠴᠠᠭᠰᠠᠳ ᠲᠠᠢ ᠰᠠᠨᠠᠯ ᠪᠣᠳᠤᠯ ᠢᠶᠠᠨ ᠰᠣᠯᠢᠯᠴᠠᠪᠠ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号