ᠰᠢᠨ᠎ᠡ ᠪᠠᠷᠭᠤ ᠵᠡᠭᠦᠨ ᠬᠤᠰᠢᠭᠤᠨ ᠤ ᠨᠠᠮ ᠵᠠᠰᠠᠭ ᠤᠨ ᠲᠦᠯᠤᠭᠡᠯᠡᠭᠴᠢᠳ ᠤᠨ ᠪᠦᠯᠭᠦᠮ ᠤᠨ ᠬᠢᠨ ᠠᠷᠤ ᠬᠤᠷᠴᠢᠨ ᠬᠤᠰᠢᠭᠤᠨ ᠳᠤ ᠰᠢᠨᠵᠢᠯᠠᠨ ᠪᠠᠶᠢᠴᠠᠭᠠᠯᠲᠠ ᠬᠢᠵᠤ ᠰᠤᠷᠤᠯᠴᠠᠪᠠ
ᠨᠡᠶᠢᠲᠡᠯᠡᠭᠰᠡᠨ ᠴᠠᠭ᠄
2024/11/29
       11 ᠰᠠᠷ᠎ᠠ ᠶᠢᠨ 28 ᠤ ᠡᠳᠤᠷ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠨᠠᠮ ᠵᠠᠰᠠᠭ ᠤᠨ ᠲᠦᠯᠥᠭᠡᠯᠡᠭᠴᠢᠳ ᠤᠨ ᠪᠦᠯᠭᠦᠮ ᠢ ᠳᠠᠭᠠᠭᠤᠯᠤᠨ ᠠᠷᠤ ᠬᠤᠷᠴᠢᠨ ᠬᠤᠰᠢᠭᠤᠨ ᠳᠤ ᠰᠢᠨᠵᠢᠯᠠᠨ ᠪᠠᠶᠢᠴᠠᠭᠠᠯᠲᠠ ᠬᠢᠵᠤ ᠰᠤᠷᠣᠯᠴᠠᠪᠠ᠃ ᠬᠤᠰᠢᠭᠤᠨ ᠨᠠᠮ ᠤᠨ ᠬᠤᠷᠢᠶᠠᠨ ᠲᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠬᠤᠰᠢᠭᠤᠨ ᠨᠠᠮ ᠤᠨ ᠬᠤᠷᠢᠶᠠᠨ ᠤ ᠲᠡᠳ᠋  ᠱᠦᠵᠢ᠂ ᠤᠯᠤᠰ ᠲᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠢ ᠰᠢᠨ ᠮᠢᠶᠣᠣ᠂ ᠬᠤᠰᠢᠭᠤᠨ ᠲᠡᠳ᠋ ᠳᠠᠷᠤᠭ᠎ᠠ ᠮᠦ ᠭᠦᠸᠧ ᠳ᠋ᠦᠩ ᠶᠠᠷᠢᠯᠴᠠᠬᠤ ᠬᠤᠷᠠᠯ ᠵᠢᠴᠢ ᠰᠢᠨᠵᠢᠯᠠᠨ ᠪᠠᠶᠢᠴᠠᠭᠠᠯᠲᠠ ᠳᠤ ᠣᠷᠤᠯᠴᠠᠵᠠᠢ᠃
       ᠶᠠᠷᠢᠯᠴᠠᠬᠤ ᠬᠤᠷᠠᠯ ᠲᠡᠭᠡᠷ᠎ᠡ᠂ ᠬᠤᠰᠢᠭᠤᠨ ᠬᠦᠳᠡᠭᠡ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ ᠲᠥᠪ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠢ ᠪᠠ ᠨᠤᠲᠤᠭ ᠪᠠᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠲᠣᠰ ᠲᠣᠰ ᠠᠷᠤ ᠬᠤᠷᠴᠢᠨ ᠤ ᠲᠠᠯ᠎ᠠ ᠨᠤᠳᠤᠭ ᠤᠨ ᠨᠡᠭᠦᠳᠡᠯ ᠮᠠᠯᠵᠢᠯ ᠤᠨ ᠰᠢᠰᠲ᠋ᠧᠮ᠂ ᠲᠠᠯ᠎ᠠ ᠨᠤᠳᠤᠭ ᠤᠨ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ᠂ ᠨᠤᠳᠤᠭ ᠪᠠᠯᠴᠢᠭᠡᠷ ᠤᠨ ᠳᠠᠭᠠᠭᠠᠴᠠ ᠠᠴᠠ ᠬᠡᠲᠤᠷᠡᠲᠠᠯ᠎ᠠ ᠮᠠᠯᠵᠢᠬᠤ ᠠᠰᠠᠭᠤᠳᠠᠯ ᠢ ᠰᠢᠢᠣᠡᠪᠣᠷᠢᠯᠡᠬᠦ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠦᠷᠨᠢᠭᠦᠯᠦᠭᠰᠡᠨ ᠪᠠᠶᠢᠳᠠᠯ ᠢᠶᠠᠨ ᠲᠡᠨᠢᠯᠴᠠᠭᠤᠯᠵᠤ᠂ ᠬᠤᠷᠠᠯ ᠳᠤ ᠣᠷᠣᠯᠴᠬᠠᠰᠡᠣᠨ ᠬᠦᠳᠡᠭᠡ ᠠᠵᠤ ᠠᠬᠤᠢ ᠶᠢᠨ ᠰᠣᠶᠣᠯ ᠤᠨ ᠥᠪ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠠᠰᠵᠢᠯᠲᠠ᠂ ᠠᠮᠢ ᠠᠬᠤᠶᠢᠴᠢ ᠵᠢᠭᠤᠯᠴᠢᠯᠡᠯ ᠢ ᠨᠡᠬᠡᠭᠡᠨ ᠬᠥᠭᠵᠢᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠶᠠᠷᠢᠯᠴᠠᠭ᠎ᠠ ᠦᠷᠨᠢᠭᠦᠯᠵᠦ ᠰᠠᠨᠠᠯ ᠢᠶᠠᠨ ᠭᠦᠨᠵᠡᠭᠡᠢ ᠰᠤᠯᠢᠯᠴᠠᠪᠡ᠃
       ᠴᠧᠨ ᠬᠤ᠋ ᠨᠠᠨ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠵᠠᠰᠠᠭ ᠤᠨ ᠲᠦᠯᠦᠭᠡᠯᠡᠭᠴᠢᠳ ᠤᠨ ᠪᠦᠯᠭᠦᠮ ᠢ ᠪᠠᠶᠠᠷᠯᠠᠨ ᠣᠭᠲᠤᠵᠤ ᠪᠠᠶᠢᠬᠤ ᠪᠠᠨ ᠢᠯᠡᠳᠭᠡᠬᠦ ᠶᠢᠨ ᠬᠠᠮᠲᠤ ᠢᠯᠡᠷᠭᠡᠶᠢᠯᠡᠭᠰᠠᠨ ᠨᠢ᠂ ᠰᠢᠨ᠎ᠡ ᠪᠠᠷᠭᠤ ᠵᠡᠭᠦᠨ ᠬᠤᠰᠢᠭᠤ ᠨᠢ ᠠᠷᠤ ᠬᠤᠷᠴᠢᠨ ᠬᠤᠰᠢᠭᠤ ᠲᠠᠢ ᠮᠢᠩᠭᠠᠨ ᠭᠠᠵᠠᠷ ᠠᠯᠣᠰᠯᠠᠵᠣ ᠪᠠᠶᠢᠭ᠎ᠠ ᠪᠣᠯᠪᠠᠴᠤ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ᠂ ᠬᠥᠭᠵᠢᠯᠲᠠ ᠶᠢᠨ ᠪᠠᠶᠢᠷᠢ ᠲᠣᠭᠳᠠᠭᠠᠯᠲᠠ ᠨᠢ ᠮᠠᠰᠢ ᠦᠨᠳᠣᠷ ᠬᠠᠮᠵᠢᠯᠴᠠᠬᠤ ᠴᠢᠨᠠᠷ ᠪᠠ ᠬᠠᠷᠢᠯᠴᠠᠨ ᠨᠥᠭᠦᠪᠦᠷᠢᠯᠡᠬᠦ ᠴᠢᠨᠠᠷ ᠲᠠᠢ ᠶᠤᠮ᠃ ᠣᠶᠢᠷ᠎ᠠ ᠶᠢᠨ ᠵᠢᠯ ᠤᠳ ᠲᠤ᠂ ᠰᠢᠨ᠎ᠠ ᠪᠠᠷᠭᠤ ᠵᠡᠭᠦᠨ ᠬᠤᠰᠢᠭᠤ ᠠᠮᠠᠢ ᠠᠬᠤᠢ ᠶᠢ ᠤᠷᠢᠳ ᠢᠶᠠᠷ ᠪᠤᠳᠣᠯᠭᠢᠯᠠᠬᠤ᠂ ᠪᠣᠬᠢᠷᠳᠤᠯ ᠦᠭᠡᠢ ᠬᠥᠭᠵᠢᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠮᠠᠢ ᠠᠬᠤᠢ ᠪᠠᠷ ᠬᠤᠰᠢᠭᠤ ᠪᠠᠨ ᠪᠠᠶᠢᠭᠤᠯᠬᠤ᠂ ᠮᠠᠯ ᠠᠵᠤ ᠠᠬᠤᠢ ᠪᠠᠷ ᠬᠤᠰᠢᠭᠤ ᠪᠠᠨ ᠲᠣᠭᠳᠠᠪᠤᠷᠢᠵᠢᠭᠤᠯᠬᠤ᠂ ᠨᠡᠬᠡᠭᠡᠨ ᠬᠥᠭᠵᠢᠭᠦᠯᠬᠦ ᠪᠠᠷ ᠬᠤᠰᠢᠭᠤ ᠪᠠᠨ ᠬᠦᠴᠦᠷᠭᠡᠭᠵᠢᠭᠦᠯᠬᠦ︾ ᠬᠥᠭᠵᠢᠯᠲᠡ ᠶᠢᠨ ᠰᠡᠳᠭᠢᠴᠡ ᠶᠢ ᠲᠣᠭᠲᠠᠭᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠯᠪᠡᠭ ᠦᠷ᠎ᠡ ᠪᠦᠲᠣᠭᠡᠯ ᠣᠯᠪᠠ᠃ ᠠᠷᠤ ᠬᠤᠷᠴᠢᠨ ᠬᠤᠰᠢᠭᠤ ᠲᠣᠰ ᠤᠳᠠᠭᠠᠨ ᠤ ᠰᠣᠯᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠲᠣᠰ ᠲᠣᠰ ᠤᠨ ᠡᠬᠢ ᠪᠠᠶᠠᠯᠢᠭ ᠤᠨ ᠳᠠᠪᠠᠭᠤᠯᠢᠭ ᠪᠠ ᠬᠦᠭᠵᠢᠯᠲᠡ ᠶᠢᠨ ᠣᠨᠴᠠᠯᠢᠭ ᠲᠠᠭᠠᠨ ᠰᠠᠭᠤᠷᠢᠯᠡᠨ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠵᠤᠯᠭᠠᠯᠴᠠᠭ᠎ᠠ ᠶᠢ ᠴᠢᠷᠮᠡᠶᠢᠨ ᠦᠷᠨᠢᠭᠦᠯᠵᠤ᠂ ᠢᠯᠭᠠᠨ ᠲᠠᠨᠢᠬᠤ ᠬᠡᠮᠵᠢᠶ᠎ᠡ ᠪᠠ ᠨᠦᠯᠥᠭᠡᠯᠡᠬᠦ ᠬᠦᠴᠦᠨ ᠪᠦᠬᠦᠢ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠣᠢ ᠪᠣᠯᠭᠠᠨ᠂ ᠬᠤᠶᠠᠷ ᠲᠠᠯ᠎ᠠ ᠶᠢᠨ ᠡᠬᠢ ᠪᠠᠶᠠᠯᠢᠭ ᠤᠨ ᠬᠠᠷᠢᠯᠴᠠᠨ ᠨᠥᠭᠦᠪᠦᠷᠢᠯᠡᠬᠦ᠂ ᠠᠵᠤ ᠣᠶᠢᠯᠠᠰ ᠤᠨ ᠬᠠᠷᠢᠯᠴᠠᠨ ᠦᠢᠯᠡᠳᠤᠯᠴᠡᠬᠦ ᠶᠢ ᠠᠬᠢᠭᠤᠯᠵᠤ᠂ ᠬᠤᠶᠠᠷ ᠭᠠᠵᠠᠷ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠬᠡᠪᠡ᠃
       ᠸᠠᠩ ᠨᠠᠢ ᠪᠢᠨ ᠢᠯᠡᠷᠭᠡᠶᠢᠯᠡᠬᠦ ᠳᠡᠭᠡᠨ᠂ ᠠᠷᠤ ᠬᠤᠷᠴᠢᠨ ᠬᠤᠰᠢᠭᠤᠨ ᠤ ᠪᠠᠶᠢᠭᠠᠯᠢ ᠶᠢᠨ ᠨᠥᠬᠦᠴᠡᠯ ᠳᠠᠪᠠᠭᠤᠯᠢᠭ᠂ ᠬᠥᠭᠵᠢᠯᠲᠡ ᠶᠢᠨ ᠪᠠᠶᠢᠳᠠᠯ ᠰᠠᠶᠢᠨ ᠪᠠᠶᠢᠵᠤ᠂ ᠠᠵᠤ ᠣᠶᠢᠯᠠᠰ ᠤᠨ ᠪᠠᠶᠢᠷᠢᠰᠢᠭᠤᠯᠤᠯᠲᠠ᠂ ᠲᠦᠷᠤᠯ ᠵᠦᠢᠯ ᠤᠨ ᠪᠦᠳᠤᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠰᠣᠶᠣᠯ ᠤᠨ ᠤᠯᠠᠮᠵᠢᠯᠠᠯ ᠵᠡᠷᠭᠡ ᠠᠵᠢᠯ ᠤᠨ ᠲᠠᠯ᠎ᠠ ᠪᠠᠷ ᠰᠡᠣᠡᠭᠢᠴᠡ ᠲᠤᠳᠤᠷᠬᠠᠢ᠂ ᠪᠣᠳᠠᠲᠠᠢ ᠶᠢ ᠡᠷᠬᠢᠮᠯᠡᠭᠰᠡᠨ ᠪᠣᠯᠬᠤᠷ ᠮᠠᠰᠢ ᠣᠯᠠᠨ ᠲᠡᠷᠢᠭᠦᠨ ᠤ ᠲᠤᠷᠰᠢᠯᠭ᠎ᠠ ᠨᠢ ᠲᠣᠯᠢ ᠪᠣᠯᠭᠠᠨ ᠰᠤᠷᠤᠯᠴᠠᠭᠤᠰᠢᠲᠠᠢ ᠶᠤᠮ᠃ ᠬᠤᠶᠠᠷ ᠭᠠᠵᠠᠷ ᠤᠨ ᠬᠢᠨ ᠰᠣᠯᠢᠯᠴᠠᠭ᠎ᠠ ᠵᠤᠯᠭᠠᠯᠴᠠᠭ᠎ᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠤᠨ᠂ ᠬᠠᠮᠳᠤᠷᠡᠯᠴᠡᠭᠠᠨ ᠤ ᠬᠦᠷᠢᠶ᠎ᠡ ᠪᠠᠨ ᠦᠷᠭᠦᠯᠵᠢᠯᠡᠨ ᠦᠷᠭᠡᠣᠡᠭᠡᠵᠣ᠂ ᠬᠠᠮᠳᠤᠷᠠᠯᠴᠠᠭᠠᠨ ᠤ ᠠᠷᠭ᠎ᠠ ᠬᠡᠯᠪᠡᠷᠢ ᠳᠤ ᠰᠢᠨ᠎ᠠ ᠶᠢ ᠡᠭᠦᠳᠴᠤ᠂ ᠬᠠᠮᠳᠤᠷᠠᠯᠴᠠᠭᠠᠨ ᠤ ᠠᠭᠤᠯᠭ᠎ᠠ ᠪᠠᠨ ᠪᠠᠶᠠᠯᠢᠭᠵᠢᠭᠤᠯᠤᠨ᠂ ᠬᠠᠮᠲᠤᠷᠠᠯᠴᠠᠭ᠎ᠠ ᠶᠢᠨ ᠰᠢᠨ᠎ᠡ ᠳᠡᠭᠳᠠᠷ ᠲᠤ ᠭᠠᠷᠴᠤ᠂ ᠰᠢᠨ᠎ᠡ ᠦᠷ᠎ᠡ ᠪᠦᠲᠣᠮᠵᠢ ᠣᠯᠬᠤ ᠶᠢ ᠠᠬᠢᠭᠤᠯᠬᠤ ᠶᠢ ᠬᠦᠰᠡᠵᠤ ᠪᠠᠶᠢᠨ᠎ᠠ ᠭᠡᠪᠡ᠃        ᠬᠤᠷᠠᠯ ᠤᠨ ᠳᠠᠷᠠᠭ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠵᠠᠰᠠᠭ ᠤᠨ ᠲᠦᠯᠥᠭᠡᠯᠡᠭᠴᠢᠳ ᠤᠨ ᠪᠦᠯᠭᠦᠮ ᠤᠨ ᠬᠢᠨ ᠣᠷᠢᠳ ᠬᠤᠵᠢᠳ ᠠᠷᠤ ᠬᠤᠷᠴᠢᠨ ᠬᠤᠰᠢᠭᠤᠨ ᠮᠦᠽᠸᠢ᠂ ᠤᠯᠠᠭᠠᠬᠠᠭᠲᠠ ᠶᠢᠨ   ᠤᠯᠠᠡᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠤ ᠰᠢᠨᠵᠢᠯᠠᠨ ᠪᠠᠶᠢᠴᠠᠭᠠᠯᠲᠠ ᠬᠢᠪᠡ᠃ ︵ᠰᠠᠶᠢᠬᠠᠡᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号