ᠠᠷᠤ ᠬᠤᠷᠴᠢᠨ ᠬᠤᠰᠢᠭᠤ ᠤᠭᠤᠷᠠᠭᠲᠤ ᠤᠳᠠ ᠪᠠᠷ ᠬᠦᠷᠢ ᠲᠡᠵᠢᠭᠡᠬᠦ ᠤᠨᠴᠠᠯᠢᠭᠳᠤ ᠠᠵᠤ ᠦᠢᠯᠡᠰ ᠤᠨ | ᠲᠥᠷᠥᠯ ᠵᠦᠢᠯ ᠢ ᠣᠷᠣᠭᠤᠯᠤᠨ᠂ ᠡᠯᠡᠰᠦ ᠶᠢ ᠵᠠᠰᠠᠬᠤ ᠶᠠᠪᠤᠴᠠ ᠳᠤ ᠪᠠᠶᠠᠵᠢᠨ ᠴᠢᠨᠡᠭᠡᠯᠢᠭᠵᠢᠬᠦ᠂ ᠪᠠᠶᠠᠵᠢᠨ | ᠴᠢᠨᠡᠭᠡᠯᠢᠭᠵᠢᠬᠦ ᠶᠠᠪᠤᠴᠠ ᠳᠤ ᠡᠯᠡᠰᠦ ᠶᠢ ᠵᠠᠰᠠᠬᠤ ᠬᠥᠭᠵᠢᠯᠲᠡ ᠶᠢᠨ ︽ᠲᠣᠷᠭᠠᠨ︾ ᠵᠠᠮ ᠢ ᠰᠦᠪᠡᠭᠴᠢᠯᠡᠵᠦ᠂ | ᠳᠡᠯᠭᠡᠷᠡᠭᠦᠯᠵᠦ ᠪᠣᠯᠬᠤᠶᠢᠴᠠ ︽ᠤᠳᠠ ᠲᠠᠷᠢᠬᠤ + ᠬᠦᠷᠢ ᠲᠡᠵᠢᠭᠡᠬᠦ︾ ᠣᠷᠴᠢᠯ ᠠᠵᠤ ᠠᠬᠤᠶ ᠶᠢᠨ | ᠬᠥᠭᠵᠢᠯᠲᠡ ᠶᠢᠨ ᠠᠷᠭ᠎ᠠ ᠵᠠᠮ ᠢ ᠪᠡᠶᠡᠯᠡᠭᠦᠯᠪᠡ᠃ ᠤᠭᠤᠷᠠᠭᠲᠤ ᠤᠳᠠ ᠨᠢ ᠮᠠᠰᠢ ᠴᠢᠩᠭ᠎ᠠ ᠵᠣᠬᠢᠴᠠᠬᠤ ᠴᠢᠨᠠᠷ ᠲᠠᠢ᠂ | ᠤᠰᠤ ᠴᠢᠭᠢᠭ ᠢ ᠳᠠᠭᠠᠭᠠᠬᠤ ᠪᠠᠷ ᠪᠠᠷᠠᠬᠤ ᠥᠬᠡᠶ ᠭᠠᠩ ᠬᠠᠭᠤᠷᠠᠶ ᠲᠠᠴᠢᠷ ᠣᠷᠴᠢᠨ ᠳᠤ ᠵᠣᠬᠢᠴᠠᠨ᠂ ᠲᠦᠯᠵᠢᠨ | ᠳᠡᠯᠭᠡᠷᠡᠭᠰᠡᠨ ᠦᠨᠳᠦᠰᠦ ᠶᠢᠨ ᠰᠢᠰᠲ᠋ᠧᠮ ᠨᠢ ᠴᠦᠯᠯᠡᠷᠬᠡᠭᠵᠢᠯ ᠢ ᠵᠠᠰᠠᠬᠤ᠂ ᠭᠤᠤᠯ ᠤᠨ ᠬᠡᠪᠡᠯᠢ᠂ ᠭᠤᠤᠯ ᠤᠨ | ᠰᠠᠶᠢᠷᠭᠠᠯ᠂ ᠠᠭᠤᠷᠬᠠᠶ ᠵᠢᠴᠢ ᠬᠠᠵᠠᠭᠤ ᠪᠡᠯ ᠭᠠᠵᠠᠷ ᠢ ᠬᠠᠮᠠᠭᠠᠯᠠᠵᠤ ᠨᠣᠭᠤᠭᠠᠷᠠᠭᠤᠯᠬᠤ ᠳᠤ ᠢᠯᠡᠳᠲᠡ ᠦᠷ᠎ᠡ | ᠪᠦᠲᠦᠮᠵᠢ ᠲᠠᠢ᠂ ᠪᠠᠰᠠ ᠦᠬᠡᠷ ᠬᠤᠨᠢᠨ ᠤ ᠰᠢᠮ᠎ᠡ ᠰᠠᠶᠢᠲᠠᠢ ᠨᠣᠭᠤᠭᠠᠨ ᠳᠠᠷᠤᠰᠢ ᠪᠣᠷᠳᠤᠭ᠎ᠠ ᠪᠣᠯᠭᠠᠵᠤ ᠪᠣᠯᠤᠨ᠎ᠠ᠃ | ᠴᠠᠷᠠᠰᠤᠨ ᠬᠦᠷᠢ ᠪᠣᠯ ᠴᠠᠷᠠᠰᠤᠨ ᠳᠣᠷᠳᠣᠩ ᠨᠡᠬᠡᠬᠦ ᠲᠦᠭᠦᠬᠡᠶ ᠮᠠᠲ᠋ᠧᠷᠢᠶᠠᠯ ᠪᠠᠶᠢᠵᠤ᠂ ᠮᠠᠰᠢ ᠥᠨᠳᠥᠷ ᠢᠳᠡᠭᠡᠨ ᠤ | ᠦᠨ᠎ᠡ ᠥᠷᠲᠡᠭ ᠪᠠ ᠡᠮ ᠳᠤ ᠬᠡᠷᠡᠭᠯᠡᠬᠦ ᠦᠨ᠎ᠡ ᠥᠷᠲᠡᠭ ᠲᠠᠢ ᠪᠠᠶᠢᠳᠠᠭ᠃ ᠠᠷᠤ ᠬᠤᠷᠴᠢᠨ ᠬᠤᠰᠢᠭᠤ ︽ᠺᠣᠮᠫᠠᠨᠢ | + ᠲᠠᠷᠢᠶᠠᠴᠢᠨ ᠡᠷᠦᠬᠡ︾ ᠶᠢᠨ ᠵᠠᠬᠢᠶᠠᠯᠠᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠲᠦᠷᠦᠭᠦᠦ ᠵᠢᠯ ᠳᠤ ᠮᠥ | ᠪᠦᠷᠢ ᠶᠢᠨ ᠬᠦᠷᠢ ᠶᠢᠨ ᠡᠭᠦᠷ 15 ᠺᠢᠯᠤᠭ᠍ᠷᠠᠮ ᠣᠷᠴᠢᠮ ᠭᠠᠷᠴᠤ᠂ ᠺᠢᠯᠤᠭ᠍ᠷᠠᠮ ᠪᠦᠷᠢ ᠶᠢᠨ ᠦᠨ᠎ᠡ ᠨᠢ 56.00 | ᠲᠥᠭᠦᠷᠢᠭ ᠬᠦᠷᠴᠦ᠂ ᠮᠥ ᠪᠦᠷᠢ ᠳᠡᠭᠡᠨ 800 ᠲᠥᠭᠦᠷᠢᠭ ᠣᠷᠴᠢᠮ ᠠᠰᠢᠭ ᠣᠷᠣᠯᠭ᠎ᠠ ᠣᠯᠵᠣ᠂ ᠤᠭᠤᠷᠠᠭᠲᠤ | ᠤᠳᠠ ᠶᠢᠨ ᠮᠦ ᠪᠦᠷᠢ ᠶᠢᠨ ᠲᠤᠬᠠᠶ ᠶᠢᠨ ᠵᠢᠯ ᠤᠨ ᠣᠷᠣᠯᠭ᠎ᠠ 600 ᠭᠠᠷᠤᠶ ᠲᠥᠭᠦᠷᠢᠭ ᠪᠠᠶᠢᠵᠤ᠂ ᠲᠠᠷᠢᠮᠠᠯ | ᠲᠤᠬᠠᠶ ᠶᠢᠨ ᠵᠢᠯ ᠳᠤ ᠪᠠᠨ 1400 ᠲᠥᠭᠦᠷᠢᠭ ᠣᠷᠴᠢᠮ ᠠᠰᠢᠭ ᠭᠥᠷᠳᠡᠵᠦ ᠪᠣᠯᠤᠨ᠎ᠠ᠃ ᠤᠳᠠ ᠮᠣᠳᠣᠨ | ᠦᠨᠳᠦᠰᠦ ᠨᠢ ᠡᠳᠦᠷ ᠢᠷᠡᠬᠦᠶ᠎ᠡ ᠭᠦᠨ ᠪᠣᠯᠬᠤ ᠶᠢ ᠳᠠᠭᠠᠯᠳᠤᠨ᠂ ᠳᠠᠷᠠᠭ᠎ᠠ ᠵᠢᠯ ᠤᠨ ᠤᠨᠠᠯᠲᠠ᠂ ᠦᠷ᠎ᠡ ᠠᠰᠢᠭ ᠨᠢ | ᠨᠠᠩ ᠥᠨᠳᠥᠷ ᠪᠣᠯᠵᠣ᠂ ᠮᠥ ᠪᠦᠷᠢ ᠶᠢᠨ ᠬᠦᠷᠢ ᠶᠢᠨ ᠡᠭᠦᠷ ᠤᠨ ᠤᠨᠠᠯᠲᠠ ᠨᠢ 20 ᠺᠢᠯᠤᠭ᠍ᠷᠠᠮ ᠬᠦᠷᠴᠦ᠂ ᠡᠭᠦᠨ ᠤ | ᠳᠡᠭᠡᠷ᠎ᠡ ᠤᠭᠤᠷᠠᠭᠲᠤ ᠤᠳᠠ ᠶᠢᠨ ᠠᠰᠢᠭ ᠣᠷᠣᠯᠭ᠎ᠠ ᠶᠢ ᠨᠡᠮᠡᠪᠡᠯ᠂ ᠠᠵᠤ ᠠᠬᠤᠶ ᠶᠢᠨ ᠦᠷ᠎ᠡ ᠠᠰᠢᠭ ᠨᠢ 2500 | ᠲᠥᠭᠦᠷᠢᠭ ᠣᠷᠴᠢᠮ ᠪᠣᠯᠵᠣ᠂ ᠭᠤᠷᠪᠠᠳᠤᠭᠠᠷ ᠵᠢᠯ ᠤᠨ ᠠᠵᠤ ᠠᠬᠤᠶ ᠶᠢᠨ ᠠᠰᠢᠭ ᠣᠷᠣᠯᠭ᠎ᠠ ᠨᠢ ᠨᠠᠩ ᠴᠤ | 3000 ᠲᠥᠭᠦᠷᠢᠭ ᠠᠴᠠ ᠳᠡᠭᠡᠭᠰᠢ ᠪᠣᠯᠬᠤ ᠪᠣᠯᠤᠨ᠎ᠠ᠃ | |