11 ᠰᠠᠷ᠎ᠠ ᠶᠢᠨ 4 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ | ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠲᠣᠭᠤᠶᠢᠯᠠᠩ ᠤᠨ 2024 ᠣᠨ ᠤ 11 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠵᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠬᠤᠷᠠᠯ ᠳᠤ ᠣᠷᠣᠯᠴᠠᠵᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠰᠤ ᠬᠤᠰᠢᠭᠤᠨ ᠳᠡᠳ᠋ | ᠳᠠᠷᠤᠭ᠎ᠠ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠮᠣᠵᠢ ᠶᠠᠮᠤᠨ ᠤ ᠳᠡᠰ ᠤᠨ ᠭᠤᠤᠯ ᠤᠳᠤᠷᠢᠳᠬᠤ | ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠲᠤᠰᠬᠠᠶ ᠰᠡᠳᠦᠪᠲᠦ ᠰᠤᠳᠤᠯᠤᠨ | ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠣᠶᠢᠷ᠎ᠠ ᠶᠢᠨ ᠬᠤᠭᠤᠴᠠᠭᠠᠨ ᠤ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠠᠶ᠃ | | | | ᠴᠧᠨ ᠬᠤ᠋ ᠨᠠᠨ ᠠᠴᠠ ᠬᠤᠰᠢᠭᠤᠨ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ | ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ︽ᠲᠠᠪᠤᠨ ᠶᠡᠭᠡ ᠡᠭᠦᠷᠭᠡ︾ | ᠶᠢ ᠰᠠᠶᠢᠲᠤᠷ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠰᠠᠶᠢᠲᠤᠷ | ᠬᠡᠷᠡᠭᠵᠢᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ᠂ ᠮᠠᠯᠵᠢᠬᠤ ᠲᠠᠷᠢᠶᠠᠯᠠᠬᠤ ᠣᠷᠣᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ | ᠭᠤᠤᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ | ᠰᠠᠶᠢᠳᠣᠷ ᠠᠳᠬᠤᠵᠤ᠂ ᠭᠠᠵᠠᠷ ᠣᠷᠣᠨ ᠤ ᠪᠠᠶᠢᠳᠡᠯ ᠳᠤᠨᠢ ᠲᠣᠬᠢᠷᠠᠭᠤᠯᠤᠨ ᠥᠭᠡᠷᠡᠴᠢᠯᠡᠯᠲᠡ ᠶᠢᠨ ᠡᠭᠦᠷᠭᠡ ᠶᠢ | ᠪᠣᠳᠠᠲᠠᠶᠢᠵᠢᠭᠤᠯᠤᠨ ᠨᠠᠶᠢᠳᠡᠪᠣᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠡᠨᠡ ᠵᠢᠯ ᠤᠨ ᠰᠡᠭᠦᠯᠴᠢ ᠶᠢᠨ | ᠬᠤᠶᠠᠷ ᠰᠠᠷ᠎ᠠ ᠶᠢᠨ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠳᠣᠷ ᠬᠢᠵᠦ᠂ ᠠᠵᠤ ᠠᠬᠤᠶ ᠶᠢᠨ | ᠠᠵᠢᠯᠯᠠᠭᠠᠨ ᠢ ᠲᠣᠭᠲᠠᠪᠤᠷᠢᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠥᠷᠭᠡᠳᠬᠡᠵᠦ᠂ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ | ᠠᠬᠢᠭᠤᠯᠵᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ ᠪᠥᠬᠦ ᠵᠢᠯ ᠤᠨ ᠡᠭᠦᠷᠭᠡ ᠶᠢᠨ ᠲᠡᠭᠦᠰ ᠠᠮᠵᠢᠯᠲᠠ ᠲᠠᠢ | ᠪᠡᠶᠡᠯᠡᠭᠳᠡᠬᠦ ᠶᠢ ᠪᠠᠲᠤᠯᠠᠬᠤ ᠬᠡᠷᠡᠭᠲᠡᠶ᠃ ᠬᠤᠷᠸ᠎ᠠ ᠲᠠᠯ᠎ᠠ ᠶᠢᠨ ᠪᠠᠶᠢᠳᠠᠯ ᠪᠠ ᠲᠤᠰ ᠪᠡᠶ᠎ᠡ ᠶᠢᠨ ᠪᠣᠳᠠᠲᠤ ᠪᠠᠶᠢᠳᠡᠯ ᠢᠶᠠᠨ | ᠣᠨᠣᠪᠴᠢᠲᠠᠶ ᠡᠵᠡᠮᠳᠡᠵᠦ᠂ ᠶᠡᠷᠦᠩᠬᠡᠶ ᠬᠡᠮᠵᠢᠶ᠎ᠡ ᠶᠢ ᠲᠣᠭᠲᠠᠭᠤᠨ ᠢᠶᠠᠷ ᠨᠡᠮᠡᠭᠳᠡᠭᠦᠯᠬᠦ᠂ ᠶᠠᠰᠤ ᠴᠢᠨᠠᠷ ᠢ ᠦᠷᠭᠦᠯᠵᠢᠯᠡᠨ | ᠳᠡᠰ ᠳᠡᠪᠰᠢᠭᠦᠯᠬᠦ᠂ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ ᠵᠠᠷᠴᠢᠮ ᠶᠣᠰᠣᠭᠠᠷ᠂ 2025 ᠣᠨ ᠤ ᠠᠵᠤ | ᠠᠬᠤᠶ ᠶᠢᠨ ᠬᠥᠭᠵᠢᠯᠲᠡ ᠶᠢᠨ ᠬᠠᠷᠠᠯᠲᠠ ᠡᠭᠦᠷᠭᠡ᠂ ᠰᠡᠳᠬᠢᠴᠡ ᠠᠷᠭ᠎ᠠ ᠬᠡᠮᠵᠢᠶ᠎ᠡ ᠪᠠ ᠪᠦᠲᠦᠮᠵᠢᠲᠡᠶ ᠠᠷᠭ᠎ᠠ ᠵᠠᠮ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠢᠷᠡᠬᠦ ᠵᠢᠯ ᠤᠨ ᠠᠵᠢᠯ ᠢᠶᠠᠨ ᠰᠠᠶᠢᠨ ᠡᠬᠢᠯᠡᠭᠦᠯᠬᠦ ᠳᠤ ᠪᠠᠲᠤ ᠪᠠᠬᠢ | ᠰᠠᠭᠤᠷᠢ ᠲᠠᠯᠪᠢᠬᠤ ᠬᠡᠷᠡᠭᠲᠡᠶ᠃ ᠢᠷᠡᠬᠦ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠨᠠᠷᠢᠨ ᠬᠢᠨᠠᠮᠠᠭᠠᠶ | ᠲᠥᠯᠥᠪᠵᠢᠭᠦᠯᠵᠦ᠂ ︽ᠬᠤᠶᠠᠷ ᠰᠢᠨ᠎ᠡ︾ ︵ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ | ᠪᠣᠳᠠᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ︶᠂ ︽ᠬᠤᠶᠠᠷ ᠴᠢᠬᠤᠯᠠ︾ ︵ᠤᠷᠳᠤ | ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ ᠲᠠᠷᠬᠠᠭᠠᠨ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ | ᠬᠡᠷᠡᠭᠵᠢᠭᠦᠯᠦᠯᠲᠡ ᠪᠠ ᠭᠤᠤᠯ ᠴᠢᠬᠤᠯᠠ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ | ᠳᠡᠮᠵᠢᠬᠦ︶ ᠵᠡᠷᠭᠡ ᠵᠣᠷᠢᠭᠵᠢᠭᠤᠯᠤᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠭᠦᠢᠴᠡᠣᠨ | ᠪᠠᠳᠠᠷᠠᠭᠤᠯᠵᠤ᠂ ᠲᠤᠰᠬᠠᠶ ᠲᠥᠷᠥᠯ ᠤᠨ ᠵᠢᠭᠡᠯᠡᠯᠭᠡ᠂ ᠣᠷᠳᠣ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ | ᠵᠡᠷᠭᠡ ᠡᠯ᠎ᠡ ᠲᠥᠷᠥᠯ ᠤᠨ ᠪᠠᠯᠡ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠪᠠᠯᠠ ᠣᠷᠣᠭᠤᠯᠤᠯᠲᠠ ᠶᠢ ᠴᠢᠨᠠᠭᠰᠢᠳᠠ | ᠥᠷᠭᠡᠳᠬᠡᠬᠦ᠂ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ | ᠴᠢᠬᠤᠯᠠᠴᠢᠯᠠᠵᠠᠶ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃ |