2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠲᠤᠬᠠᠶ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/11/8
ᠠᠷᠤ ᠵᠠᠰᠠᠭ ᠥᠰᠥᠭ ﹇2024﹈ 76 ᠳ᠋ᠤᠭᠠᠷ ᠲᠣᠭᠠᠲᠤ          2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ          ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠲᠤᠬᠠᠶ ᠠᠷᠤ          ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ      ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠠᠷᠠᠳᠴᠢᠯᠠᠯᠲᠠ ᠪᠠ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠳᠤ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠦᠨ᠂ ᠪᠣᠳᠠᠲᠤ ᠶᠠᠪᠤᠳᠠᠯ ᠤᠨ ᠲᠥᠷᠥᠯ ᠵᠦᠢᠯ ᠤᠨ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ᠂ ᠠᠰᠢᠭ ᠲᠤᠰᠠ ᠣᠯᠭᠤᠬᠤ ᠵᠣᠷᠢᠯᠲᠠ ᠶᠢ ᠨᠠᠩ ᠰᠠᠶᠢᠨ ᠢᠶᠠᠷ ᠢᠯᠡᠷᠡᠭᠦᠯᠬᠦ ᠶᠢᠨ ᠲᠤᠰᠠᠳᠠ᠂ ︽ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠨ ᠴᠤᠭᠯᠠᠭᠤᠯᠬᠤ ᠲᠦᠷ ᠬᠡᠷᠡᠭᠵᠢᠭᠦᠯᠬᠦ ᠠᠷᠭ᠎ᠠ︾ ︵ᠠᠷᠤ ᠵᠠᠰᠠᠭ ᠲᠠᠷᠬᠠᠭᠠᠭᠰᠠᠨ ﹇2018﹈ 118 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠦᠨᠳᠦᠰᠦᠯᠡᠨ᠂ ᠪᠥᠬᠦ ᠬᠤᠰᠢᠭᠤ ᠵᠢᠴᠢ ᠰᠤᠮᠤ ᠰᠢᠶᠠᠩ ᠪᠠᠯᠭᠠᠰᠤ      ︵ᠵᠡᠭᠡᠯᠢ ᠭᠤᠳᠤᠮᠵᠢ︶ ᠬᠤᠶᠠᠷ ᠱᠠᠲᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠲᠦᠷᠢᠮ ᠤᠨ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠨᠡᠶᠢᠭᠡᠮ ᠤᠨ ᠡᠯ᠎ᠡ ᠡᠲᠡᠭᠡᠳ ᠠᠴᠠ 2025 ᠣᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠢᠯᠡ ᠪᠠᠷ ᠡᠯᠰᠡᠬᠦ ᠪᠣᠯᠣᠯ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠵᠠᠷᠯᠠᠶ᠎ᠠ᠄      ᠨᠢᠭᠡ᠂ ᠡᠯᠰᠡᠬᠦ ᠡᠳᠦᠷ ᠬᠤᠭᠤᠴᠠᠭ᠎ᠠ      ᠵᠠᠷᠯᠠᠨ ᠨᠡᠶᠢᠲᠡᠯᠡᠭᠰᠡᠨ ᠡᠳᠦᠷ ᠠᠴᠠ 2024 ᠣᠨ ᠤ 12 ᠰᠠᠷ᠎ᠠ ᠶᠢᠨ 22 ᠤᠨ ᠡᠳᠦᠷ ᠤᠨ 17 ᠴᠠᠭ ᠪᠣᠯᠲᠠᠯ᠎ᠠ᠃      ᠬᠤᠶᠠᠷ᠂ ᠡᠯᠰᠡᠬᠦ ᠠᠷᠭ᠎ᠠ ᠵᠠᠮ      ᠨᠢᠭᠡ ᠳᠤ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠭᠤᠯᠭ᠎ᠠ ᠶᠢ ᠬᠤᠷᠢᠶᠠᠨ᠎ᠠ︔ ᠬᠤᠶᠠᠷ ᠲᠤ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠬᠤᠰᠢᠭᠤᠨ ᠰᠢᠭᠤᠳ ᠬᠠᠷᠢᠶ᠎ᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠠᠷᠢᠶ᠎ᠠ ᠡᠯ᠎ᠡ ᠨᠢᠭᠡᠴᠢ ᠶᠢᠨ ᠰᠠᠨᠠᠭᠤᠯᠭ᠎ᠠ ᠶᠢ ᠬᠤᠷᠢᠶᠠᠨ᠎ᠠ ︵ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠤᠰᠢᠭᠤᠨ ᠱᠠᠲᠤᠨ ᠠᠴᠠ ᠳᠡᠭᠡᠭᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ᠶᠠᠷᠢᠯᠴᠠᠨ ᠪᠠᠲᠤᠯᠠᠭᠰᠠᠨ ᠤ ᠳᠠᠷᠠᠭ᠎ᠠ ᠨᠢᠭᠡᠳᠦᠯᠲᠡᠶ ᠪᠠᠷ ᠳᠡᠭᠡᠭᠰᠢ ᠮᠡᠳᠡᠭᠦᠯᠦᠨ᠎ᠡ︶᠃      ᠭᠤᠷᠪᠠ᠂ ᠡᠯᠰᠡᠬᠦ ᠠᠭᠤᠯᠭ᠎ᠠ ᠵᠢᠴᠢ ᠬᠡᠪᠴᠢᠶ᠎ᠡ      ᠥᠷᠭᠡᠨ ᠣᠯᠠᠨ ᠠᠷᠠᠳ ᠲᠦᠮᠡᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾ ᠪᠠᠷ ᠭᠤᠣᠯᠳᠠᠯᠭ᠎ᠠ ᠪᠣᠯᠭᠠᠨ᠂ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭᠲᠠᠶ ᠪᠠᠶᠢᠯᠭᠠᠬᠤ︾ ᠵᠠᠷᠴᠢᠮ ᠤᠨ ᠶᠣᠰᠣᠭᠠᠷ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠤᠯᠪᠣᠭᠳᠠᠬᠤ ᠨᠢᠭᠡ ᠪᠦᠯᠦᠭ ᠲᠥᠷᠥᠯ ᠵᠦᠢᠯ ᠢ ᠲᠣᠬᠢᠷᠠᠭᠤᠯᠬᠤ ᠪᠠᠷ ᠴᠢᠷᠮᠠᠶᠢᠬᠤ ᠬᠡᠷᠡᠭᠲᠡᠶ᠃ ᠡᠭᠦᠨ ᠳᠤ ᠭᠤᠣᠯᠳᠠᠭᠤ᠄ ᠠᠵᠢᠯ ᠣᠯᠭᠤᠬᠤ ᠪᠣᠯᠪᠠᠰᠤᠷᠠᠭᠤᠯᠤᠯ᠂ ᠰᠤᠷᠭᠠᠨ ᠬᠥᠮᠦᠵᠢᠯ ᠤᠨ ᠦᠢᠯᠡᠰ᠂ ᠡᠷᠡᠭᠦᠯ ᠬᠠᠮᠠᠭᠠᠯᠠᠯ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠣᠷᠴᠢᠨ ᠲᠣᠭᠤᠷᠢᠨ ᠤ ᠴᠡᠭᠴᠡᠯᠡᠨ ᠵᠠᠰᠠᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠤᠨ ᠪᠠᠶᠢᠭᠤᠯᠤᠯᠲᠠ᠂ ᠨᠠᠰᠤᠵᠢᠯ ᠤᠨ ᠦᠢᠯᠡᠴᠢᠯᠡᠭᠡᠨ᠂ ᠠᠮᠤᠷ ᠲᠦᠪᠰᠢᠨ ᠤ ᠪᠠᠲᠤᠯᠠᠭ᠎ᠠ᠂ ᠬᠤᠲᠠ ᠶᠢᠨ ᠬᠠᠮᠢᠶᠠᠷᠤᠯᠲᠠ᠂ ᠶᠠᠳᠠᠭᠤ ᠶᠢ ᠲᠡᠳᠬᠦᠨ ᠬᠦᠴᠢᠷᠳᠡᠯᠲᠡᠶ ᠶᠢ ᠲᠤᠰᠠᠯᠠᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠪᠠᠭᠲᠠᠨ᠎ᠠ᠃      ᠳᠥᠷᠪᠡ᠂ ᠡᠯᠰᠡᠨ ᠴᠤᠭᠯᠠᠭᠤᠯᠬᠤ ᠱᠠᠭᠠᠷᠳᠠᠯᠭ᠎ᠠ      1. ᠲᠥᠷᠥᠯ ᠵᠦᠢᠯ ᠤᠨ ᠰᠠᠨᠠᠭᠤᠯᠭ᠎ᠠ ᠶᠢᠨ ᠲᠠᠯ᠎ᠠ ᠪᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠦᠷᠢᠯᠳᠦᠭᠦᠯᠵᠦ᠂ ᠶᠡᠷᠦ ᠳᠡᠭᠡᠨ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠶ ᠪᠠᠶᠢᠳᠠᠯ᠂ ᠲᠦᠷᠦᠯ ᠵᠦᠢᠯ ᠤᠨ ᠠᠭᠤᠯᠭ᠎ᠠ᠂ ᠬᠡᠷᠡᠭᠵᠢᠭᠦᠯᠬᠦ ᠭᠤᠤᠯ ᠴᠣᠭᠴᠠ᠂ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠵᠢᠴᠢ ᠪᠠᠯᠠ ᠮᠥᠩᠭᠦ ᠶᠢᠨ ᠢᠷᠡᠯᠲᠡ᠂ ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠶ ᠠᠭᠤᠯᠭ᠎ᠠ ᠶᠢ ᠪᠠᠭᠲᠠᠭᠠᠵᠤ᠂ ᠣᠨᠴᠠᠭᠠᠢ ᠪᠠᠶᠢᠳᠠᠯ ᠢ ᠴᠤ ᠳᠥᠭᠦᠮᠴᠢᠯᠡᠨ ᠰᠢᠢᠳᠪᠦᠷᠢᠯᠡᠵᠦ ᠪᠣᠯᠤᠨ᠎ᠠ᠃      2. ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ  ᠂ ᠲᠥᠯᠥᠭᠡᠯᠡᠬᠦ ᠴᠢᠨᠠᠷ᠂ ᠪᠦᠬᠦ ᠲᠠᠯ᠎ᠠ ᠶᠢᠨ ᠴᠢᠨᠠᠷ ᠵᠢᠴᠢ ᠬᠠᠮᠤᠷᠬᠤ ᠬᠡᠪᠴᠢᠶ᠎ᠡ ᠪᠠ ᠠᠰᠢᠭ ᠬᠦᠷᠲᠡᠬᠦ ᠬᠡᠪᠴᠢᠶ᠎ᠡ ᠨᠢ ᠥᠷᠭᠡᠨ ᠣᠨᠴᠠᠯᠢᠭ ᠢ ᠪᠦᠷᠢᠯᠳᠦᠭᠦᠯᠬᠦ ᠬᠡᠷᠡᠭᠲᠡᠶ᠃      3. ᠪᠠᠯᠠ ᠮᠥᠩᠭᠦᠨ ᠤ ᠲᠤᠭᠢᠷᠠᠭᠤᠯᠤᠯᠲᠠ ᠶᠢᠨ ᠲᠠᠯ᠎ᠠ ᠪᠠᠷ᠂ ᠪᠣᠯᠤᠮᠵᠢᠲᠤ ᠴᠢᠨᠠᠷ ᠢ ᠪᠦᠷᠢᠯᠳᠦᠭᠦᠯᠵᠦ᠂ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠡᠳ᠋ ᠤᠨ ᠬᠦᠴᠦᠨ ᠢᠶᠠᠨ ᠲᠥᠪᠯᠡᠷᠡᠭᠦᠯᠦᠨ ᠰᠠᠶᠢᠨ ᠶᠠᠪᠤᠳᠠᠯ᠂ ᠪᠣᠳᠠᠲᠤ ᠶᠠᠪᠤᠳᠠᠯ ᠬᠢᠬᠦ ᠬᠡᠷᠡᠭᠲᠡᠢ᠃      4. ᠪᠥᠲᠥᠭᠡᠨ ᠪᠠᠶᠢᠭᠤᠯᠤᠯᠲᠠ ᠶᠢᠨ ᠦᠶᠡᠯᠡᠬᠦ ᠬᠤᠭᠤᠴᠠᠭ᠎ᠠ ᠶᠢᠨ ᠲᠠᠯ᠎ᠠ ᠪᠠᠷ᠂ ᠡᠵᠡᠮᠳᠡᠵᠦ ᠪᠣᠯᠬᠤ ᠴᠢᠨᠠᠷ ᠢ ᠪᠦᠷᠢᠯᠳᠦᠭᠦᠯᠵᠦ᠂ ᠡᠩ ᠤᠨ ᠪᠠᠶᠢᠳᠠᠯ ᠳᠤ ᠲᠣᠰ ᠵᠢᠯ ᠳᠡᠭᠡᠨ ᠪᠡᠶᠡᠯᠡᠭᠦᠯᠬᠦ ᠪᠤᠶᠤ ᠱᠠᠲᠤᠴᠢ ᠴᠢᠨᠠᠷᠲᠠᠶ ᠦᠷ᠎ᠡ ᠪᠦᠲᠦᠮᠵᠢ ᠣᠯᠬᠤ ᠬᠡᠷᠡᠭᠲᠡᠶ᠃      5. ᠪᠡᠯᠡ ᠣᠷᠣᠭᠤᠯᠤᠯᠲᠠ ᠶᠢᠨ ᠬᠡᠪᠴᠢᠶᠡᠨ ᠤ ᠲᠠᠯ᠎ᠠ ᠪᠠᠷ᠂ ᠳᠦᠷᠢᠮᠵᠢᠯᠲᠤ ᠴᠢᠨᠠᠷ ᠢ ᠪᠦᠷᠢᠯᠳᠦᠭᠦᠯᠵᠦ᠂ ᠰᠠᠨᠠᠭᠤᠯᠭ᠎ᠠ ᠶᠢᠨ ᠲᠥᠷᠥᠯ ᠵᠦᠢᠯ ᠢ ᠡᠳ᠋ ᠤᠨ ᠵᠠᠰᠠᠭ ᠤᠨ ᠲᠥᠰᠦᠪ ᠢ ᠦᠨᠳᠦᠰᠦᠯᠡᠨ ᠲᠣᠬᠢᠷᠠᠭᠤᠯᠵᠤ᠂ ᠵᠣᠬᠢᠬᠤ ᠬᠡᠪᠴᠢᠶ᠎ᠡ ᠲᠠᠢ ᠪᠠᠶᠢᠬᠤ ᠬᠡᠷᠡᠭᠲᠡᠶ᠃      ᠲᠠᠪᠤ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠬᠠᠷᠢᠯᠴᠠᠬᠤ ᠠᠷᠭ᠎ᠠ ᠮᠠᠶ᠋ᠢᠭ      1. ︽2025 ᠣᠨ ᠤ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠡᠯᠰᠡᠨ ᠴᠤᠭᠯᠠᠭᠤᠯᠬᠤ ᠬᠦᠰᠦᠨᠦᠭᠲᠦ︾ ᠶᠢᠨ ᠱᠠᠭᠠᠷᠳᠠᠯᠭ᠎ᠠ ᠶᠣᠰᠣᠭᠠᠷ ᠵᠢᠷᠤᠮᠵᠢᠯ ᠲᠠᠢ ᠪᠠᠷ ᠲᠠᠭᠯᠠᠨ ᠮᠡᠳᠡᠭᠦᠯᠵᠦ᠂ ᠬᠦᠰᠦᠨᠦᠭᠲᠦ ᠳᠤ ᠪᠣᠯᠤᠮᠵᠢᠲᠤ ᠵᠠᠳᠠᠯᠤᠯᠲᠠ ᠶᠢᠨ ᠮᠠᠲ᠋ᠧᠷᠢᠶᠠᠯ ᠳᠠᠭᠠᠯᠳᠤᠭᠤᠯᠤᠨ᠎ᠠ᠃ ︵ᠡᠯᠰᠡᠬᠦ ᠬᠦᠰᠦᠨᠦᠭᠲᠦ ᠶᠢ ᠠᠷᠤ ᠬᠤᠷᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠢᠤᠳᠠᠨ ᠤ ᠬᠠᠶᠢᠷᠴᠠᠭ ᠠᠴᠠ ᠪᠠᠭᠤᠯᠭᠠᠨ ᠠᠪᠴᠤ ᠪᠣᠯᠤᠨ᠎ᠠ᠂ ᠰᠢᠤᠳᠠᠨ ᠤ ᠬᠠᠶᠢᠷᠴᠠᠭ ᠤᠨ ᠨᠣᠮᠧᠷ᠄ aqmsxm 163.com᠂ ᠳᠠᠩᠰᠠᠯᠠᠬᠤ ᠨᠢᠭᠤᠴᠠ ᠨᠣᠮᠧᠷ᠄ 7232995︶      2. ᠪᠢᠴᠢᠭ᠂ ᠵᠠᠬᠢᠳᠠᠯ᠂ ᠢᠮᠧᠯ ᠵᠡᠷᠭᠡ ᠬᠡᠯᠪᠡᠷᠢ ᠪᠠᠷ ᠪᠥᠬᠦ ᠬᠤᠰᠢᠭᠤ ᠵᠢᠴᠢ ᠰᠤᠮᠤ ᠰᠢᠶᠠᠩ ᠪᠠᠯᠭᠠᠰᠤ      ︵ᠵᠡᠭᠡᠯᠢ ᠭᠤᠳᠤᠮᠵᠢ︶ ᠬᠤᠶᠠᠷ ᠱᠠᠲᠤᠨ ᠤ ᠠᠷᠠᠳ ᠤᠨ ᠠᠮᠢᠳᠣᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢ ᠪᠢᠯᠧᠲ ᠢᠶᠠᠷ ᠰᠢᠢᠳᠪᠦᠷᠢ ᠭᠠᠷᠭᠠᠬᠤ ᠳᠦᠷᠢᠮ ᠤᠨ ᠲᠤᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠰᠠᠨᠠᠯ ᠰᠠᠨᠠᠭᠤᠯᠭ᠎ᠠ ᠪᠠᠨ ᠳᠤᠷᠠᠳᠤᠨ᠎ᠠ᠃ ᠪᠢᠴᠢᠭ ᠵᠠᠬᠢᠳᠠᠯ ᠢ ᠠᠷᠤ ᠬᠤᠷᠴᠢᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ 306 ᠲᠠᠰᠤᠭ ᠲᠤ ᠬᠦᠷᠭᠡᠨ᠎ᠡ᠂ ᠰᠢᠤᠳᠠᠨ ᠤ ᠬᠠᠶᠢᠷᠴᠠᠭ᠄ aqfgj 126.com᠂ ᠠᠰᠠᠭᠤᠨ ᠯᠠᠪᠯᠠᠬᠤ ᠤᠲᠠᠰᠤ᠄ 7232572᠂ ᠹᠠᠺᠰ᠄ 72329993᠃      ᠣᠨᠴᠠᠭᠠᠶᠢᠯᠠᠨ ᠵᠠᠷᠯᠠᠪᠠ᠃                           ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                2024 ᠣᠨ ᠤ 10 ᠰᠠᠷ᠎ᠠ ᠶᠢᠨ 22  ᠤᠨ ᠡᠳᠦᠷ      ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号