ᠠᠷᠤ ᠬᠤᠷᠴᠢᠨ ᠬᠤᠰᠢᠭᠤᠨ ᠤ ᠴᠢᠪᠠᠭ᠎ᠠ ᠠᠭᠤᠷᠬᠠᠢ ᠶᠢᠨ ᠣᠶᠢᠯᠡᠰ ᠤᠨ ᠨᠡᠭᠡᠭᠡᠨ ᠬᠥᠭᠵᠢᠭᠦᠯᠤᠯᠲᠠ ᠶᠢᠨ ᠬᠢᠵᠠᠭᠠᠷᠳᠤ ᠬᠠᠷᠢᠭᠤᠴᠠᠯᠭᠠᠳᠤ ᠺᠣᠮᠫᠠᠨᠢ ᠨᠡᠶᠢᠭᠡᠮ ᠲᠣᠭᠤᠷᠢᠭ ᠤᠨ ᠬᠥᠭᠵᠢᠯᠲᠡ ᠶᠢ ᠢᠳᠡᠪᠬᠢᠲᠠᠢ ᠳᠠᠮᠵᠢᠵᠦ ᠪᠠᠶᠢᠨ᠎ᠡ
ᠨᠡᠶᠢᠲᠡᠯᠡᠭᠰᠡᠨ ᠴᠠᠭ᠄
2024/11/9
       11 ᠰᠠᠷ᠎ᠠ ᠶᠢᠨ 6 ᠤ ᠡᠳᠤᠷ᠂ ᠠᠷᠤ ᠬᠤᠷᠴᠢᠨ ᠬᠤᠰᠢᠭᠤᠨ ᠤ ᠴᠢᠪᠠᠭ᠎ᠠ ᠠᠭᠤᠷᠬᠠᠢ ᠶᠢᠨ ᠣᠶᠢᠯᠡᠰ ᠤᠨ ᠨᠡᠬᠡᠭᠡᠨ ᠬᠦᠭᠵᠢᠭᠦᠯᠤᠯᠲᠠ ᠶᠢᠨ ᠬᠢᠵᠡᠭᠠᠷᠲᠤ ᠬᠠᠷᠢᠭᠤᠴᠠᠯᠭᠠᠲᠤ ᠺᠣᠮᠫᠠᠨᠢ ᠱᠧᠩ ᠱᠢ ᠨᠡᠶᠢᠭᠡᠮ ᠲᠣᠭᠤᠷᠢᠭ ᠲᠤ ᠬᠠᠶᠢᠷ᠎ᠠ ᠬᠠᠯᠠᠮᠵᠢ ᠶᠢᠨ ᠬᠠᠨᠲᠢᠪ ᠡᠷᠭᠦᠵᠤ᠂ ᠠᠮᠢᠳᠤᠷᠠᠯ ᠤᠨ ᠲᠠᠯ᠎ᠠ ᠪᠠᠷ ᠬᠢ ᠲᠦᠭᠦᠮ ᠲᠦᠳᠡ ᠪᠠ ᠬᠠᠯᠠᠭᠤᠨ ᠲᠤᠯᠠᠭᠠᠨ ᠢ ᠬᠦᠷᠭᠡᠵᠦ᠂ ᠠᠵᠤ ᠠᠬᠤᠶᠢᠯᠠᠯ ᠪᠣᠯᠣᠨ ᠨᠡᠶᠢᠭᠡᠮ ᠳᠣᠭᠤᠷᠢᠭ ᠤᠨ ᠬᠤᠭᠤᠷᠤᠨᠳᠤᠬᠢ ᠵᠠᠢ ᠶᠢ ᠤᠯᠠᠮ ᠨᠢᠭᠡ ᠠᠯᠬᠤᠮ ᠣᠶᠢᠷᠠᠳᠤᠭᠤᠯᠵᠠᠢ᠃
       ᠲᠣᠰ ᠤᠳᠠᠭᠠᠨ ᠤ ᠪᠠᠯᠡᠭᠯᠡᠨ ᠬᠦᠷᠭᠡᠭᠰᠡᠨ ᠡᠳ᠋ ᠪᠣᠳᠠᠰ ᠢ ᠠᠷᠤ ᠬᠤᠷᠴᠢᠨ ᠬᠤᠰᠢᠭᠤᠨ ᠤ ᠴᠢᠪᠠᠭ᠎ᠠ ᠠᠭᠤᠷᠬᠠᠢ ᠶᠢᠨ ᠣᠶᠢᠯᠡᠰ ᠤᠨ ᠨᠡᠬᠡᠭᠡᠨ ᠬᠥᠭᠵᠢᠭᠦᠯᠦᠯᠲᠡ ᠶᠢᠨ ᠬᠢᠵᠡᠭᠠᠷᠲᠤ ᠬᠠᠷᠢᠭᠤᠴᠠᠯᠭᠠᠳᠤ ᠺᠣᠮᠫᠠᠨᠢ ᠠᠴᠠ ᠬᠠᠩᠭᠠᠵᠤ᠂ ᠬᠤᠯᠪᠣᠭᠠᠯᠠᠨ ᠲᠠᠭᠠᠭᠠᠴᠢᠯᠬᠠᠰᠡᠨ ᠰᠠᠭᠤᠭᠠᠯᠢ ᠲᠣᠭᠤᠷᠢᠭ ᠲᠤ ᠪᠣᠯᠪᠠᠰᠤᠨ ᠬᠤᠲᠠ ᠶᠢ ᠪᠦᠲᠤᠭᠡᠨ ᠪᠠᠶᠢᠭᠤᠯᠬᠤ ᠠᠷᠢᠭᠤᠨ ᠴᠡᠪᠡᠷ ᠤᠨ ᠡᠳ᠋ ᠪᠤᠳᠠᠰ ᠡᠳᠣᠢ ᠲᠡᠳᠤᠢ ᠪᠠᠯᠡᠭᠯᠡᠨ ᠬᠦᠷᠭᠡᠭᠰᠡᠨ ᠪᠠᠶᠢᠨ᠎ᠠ᠃ ᠲᠣᠰ ᠤᠳᠠᠭᠠᠨ ᠤ ᠠᠵᠢᠯᠯᠠᠭ᠎ᠠ ᠨᠢ ᠠᠷᠤ ᠬᠤᠷᠴᠢᠨ ᠬᠤᠰᠢᠭᠤᠨ ᠤ ᠴᠢᠪᠠᠭ᠎ᠠ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠶᠢᠭᠡᠮ ᠲᠤᠭᠤᠷᠢᠭ ᠲᠤ ᠦᠵᠡᠭᠦᠯᠦᠭᠰᠡᠨ ᠬᠠᠶᠢᠷ᠎ᠠ ᠬᠠᠯᠠᠮᠵᠢᠯᠡᠯ ᠢ ᠬᠠᠷᠠᠭᠤᠯᠵᠤ᠂ ᠨᠡᠶᠢᠭᠡᠮ ᠲᠣᠭᠤᠷᠢᠭ ᠤᠨ ᠬᠦᠭᠵᠢᠯᠳᠡ ᠳᠤ ᠬᠦᠴᠦᠲᠠᠢ ᠲᠠᠮᠵᠢᠯᠭᠡ ᠬᠠᠩᠭᠠᠡᠡᠰᠡᠨ ᠲᠡᠳᠤᠢ ᠦᠭᠡᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
       ᠰᠣᠷᠪᠣᠯᠵᠢᠯᠬᠠᠴᠢ ᠶᠢᠨ ᠣᠶᠢᠯᠠᠭᠠᠭᠰᠠᠨ ᠢᠶᠠᠷ᠂ ᠠᠷᠤ ᠬᠤᠷᠴᠢᠨ ᠬᠤᠰᠢᠭᠤᠨ ᠤ ᠴᠢᠪᠠᠭ᠎ᠠ ᠠᠭᠤᠷᠬᠠᠢ ᠶᠢᠨ ᠦᠢᠯᠡᠰ ᠤᠨ ᠨᠡᠬᠡᠭᠡᠨ ᠬᠥᠭᠵᠢᠭᠦᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ 2023 ᠣᠨ ᠳᠤ ᠱᠧᠩ ᠱᠢ ᠨᠡᠶᠢᠭᠡᠮ ᠲᠣᠭᠤᠷᠢᠭ ᠢ ᠬᠤᠯᠪᠣᠭᠠᠯᠠᠨ ᠳᠠᠭᠠᠭᠠᠴᠢᠯᠠᠵᠤ ᠬᠠᠮᠲᠤ ᠪᠠᠷ ᠪᠠᠶᠢᠭᠤᠯᠤᠭᠰᠠᠨ ᠠᠴᠠ ᠨᠠᠭᠠᠰᠢ᠂ ᠨᠡᠶᠢᠭᠡᠮ ᠲᠣᠭᠤᠷᠢᠭ ᠲᠤ ᠨᠡᠶᠢᠳᠠ4 ᠲᠦᠮᠡ ᠭᠠᠷᠤᠢ ᠲᠦᠭᠦᠷᠢᠭ ᠤᠨ ᠡᠳ᠋ ᠪᠣᠳᠠᠰ ᠬᠠᠨᠲᠢᠪᠯᠠᠵᠤ᠂ ᠰᠠᠭᠤᠭᠠᠯᠢ ᠲᠣᠭᠤᠷᠢᠭ ᠤᠨ ᠠᠶᠤᠯᠭᠦᠢ ᠦᠢᠯᠡᠳᠪᠤᠷᠢᠯᠠᠯ ᠤᠨ ᠰᠠᠭᠤᠷᠢ ᠲᠦᠭᠦᠭᠡᠷᠤᠮᠵᠢ ᠬᠦᠷᠤᠯᠴᠡᠬᠦ ᠦᠭᠡᠢ ᠪᠠᠶᠢᠳᠠᠯ ᠢ ᠰᠠᠶᠢᠵᠢᠷᠠᠭᠤᠯᠬᠤ ᠶᠢᠨ ᠬᠠᠮᠲᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ  ᠴᠡᠪᠡᠷ  ᠢ  ᠬᠠᠮᠠᠭᠠᠯᠠᠨ  ᠪᠠᠲᠤᠯᠠᠭᠰᠠᠨ  ᠪᠠᠶᠢᠨ᠎ᠠ  ᠃ ᠡᠭᠦᠨ ᠠᠴᠠ ᠭᠠᠳᠠᠨ᠎ᠠ᠂ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠨᠠᠰᠤᠲᠠᠨ᠂ ᠬᠦᠴᠢᠷᠳᠡᠯᠲᠠᠢ ᠤᠯᠠᠨ ᠲᠦᠮᠡᠨ᠂ ᠦᠨᠳᠤᠷ ᠨᠠᠰᠤᠲᠠᠢ ᠨᠠᠮ ᠤᠨ ᠭᠡᠰᠢᠭᠦᠨ ᠵᠡᠷᠭᠡ ᠬᠠᠮᠲᠤ ᠤᠯᠠᠨ ᠢ ᠠᠩᠬᠠᠷᠴᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠵᠤ᠂ ᠬᠠᠷᠢᠶ᠎ᠠ ᠣᠷᠣᠨ ᠳᠠᠬᠢ ᠬᠠᠶᠢᠷ᠎ᠠ ᠬᠠᠯᠠᠮᠵᠢ ᠶᠢᠨ ᠠᠭᠤᠷ ᠠᠮᠢᠰᠬᠤᠯ ᠢ ᠦᠳᠭᠡᠷᠡᠭᠦᠯᠤᠨ᠂ ᠨᠡᠩ ᠤᠯᠠᠨ ᠨᠡᠶᠢᠭᠡᠮ ᠤᠨ ᠬᠦᠴᠦᠨ ᠤ ᠣᠷᠣᠯᠴᠠᠯᠭ᠎ᠠ ᠪᠠ ᠠᠩᠬᠠᠷᠤᠯ ᠢ ᠲᠠᠶᠢᠴᠢᠯᠠᠨ ᠲᠠᠲᠠᠵᠠᠢ᠃ ︵ᠯᠢ ᠬᠤᠸᠠᠨ ᠢᠣᠢ᠂ ᠰᠠᠷᠠᠨᠳᠤᠶᠠᠭ᠎ᠠ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号