ᠡᠮᠴᠢᠯᠡᠭᠡᠨ ᠤ ᠪᠠᠲᠤᠯᠠᠭ᠎ᠠ ᠶᠢᠨ ᠬᠠᠶᠢᠷ᠎ᠠ ᠬᠠᠨᠳᠢᠪ ᠨᠢ ᠬᠦᠴᠢᠷᠳᠡᠯᠲᠠᠢ ᠤᠯᠠᠨ ᠲᠦᠮᠡᠨ ᠤ ᠰᠡᠳᠭᠢᠯ ᠢ ᠲᠤᠯᠠᠭᠠᠴᠠᠭᠤᠯᠪᠠ
ᠨᠡᠶᠢᠲᠡᠯᠡᠭᠰᠡᠨ ᠴᠠᠭ᠄
2024/12/13
       ᠣᠶᠢᠷ᠎ᠠ ᠶᠢᠨ ᠡᠳᠤᠷ᠂ ᠠᠷᠤ ᠬᠤᠷᠴᠢᠨ ᠬᠤᠰᠢᠭᠤᠨ ᠤ ᠪᠢᠨ ᠬᠤᠸᠠ ᠬᠦᠳᠡᠯᠮᠦᠷᠢ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠰᠠᠶᠢᠨ ᠲᠣᠷ᠎ᠠ ᠠᠴᠠ ᠪᠠᠨ 10000 ᠲᠦᠭᠦᠷᠢᠭ ᠬᠠᠨᠲᠢᠪᠯᠡᠵᠤ᠂ ᠬᠤᠨᠳᠤ ᠪᠠᠯᠭᠠᠰᠤ ᠶᠢᠨ ᠪᠦᠷᠢᠨᠳᠠᠯ᠎ᠠ ᠭᠠᠴᠠᠭ᠎ᠠ ᠶᠢᠨ ᠵᠠᠮᠳᠡᠭ ᠬᠦᠮᠤᠨ ᠪᠣᠯᠣᠨ ᠳᠣᠣᠷ᠎ᠠ ᠪᠠᠲᠤᠯᠠᠭᠠᠲᠤ ᠡᠷᠤᠭᠡ ᠶᠢᠨ 40 ᠬᠦᠴᠢᠷᠳᠡᠯᠳᠡᠢ ᠣᠯᠠᠨ ᠲᠦᠮᠡᠨ ᠳᠤ 2025 ᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠤᠨ ᠡᠮ ᠡᠮᠨᠡᠯᠭᠡ ᠶᠢᠨ ᠲᠠᠭᠠᠣᠡᠬᠠᠯ ᠤᠨ ᠰᠦᠢᠣᠡᠭᠡᠯ ᠢ ᠨᠢ ᠤᠷᠤᠯᠠᠨ ᠲᠣᠰᠢᠶᠡᠵᠤ᠂ ᠬᠦᠴᠢᠷᠳᠡᠯᠲᠠᠢ ᠤᠯᠠᠨ ᠲᠦᠮᠡᠨ ᠤ ᠨᠢᠳᠦᠨ ᠡᠮᠦᠨᠡᠬᠢ ᠠᠰᠠᠭᠤᠳᠠᠯ ᠢ  ᠰᠢᠢᠣᠡᠪᠣᠷᠢᠯᠡᠨ ᠥᠭᠴᠦ᠂ ᠲᠡᠳᠡᠨ ᠳᠤ ᠡᠮᠨᠡᠯᠭᠡᠨ ᠤ ᠪᠠᠲᠤᠯᠠᠭ᠎ᠠ ᠶᠢ ᠠᠪᠴᠢᠷᠠᠯ᠎ᠠ᠃
       ᠬᠠᠯᠠᠭᠤᠨ ᠰᠡᠳᠭᠢᠯᠲᠠᠨ ᠯᠢ ᠪᠢᠨ ᠠᠴᠠ ︽ᠬᠠᠨᠳᠢᠪ ᠢᠶᠠᠷ ᠳᠠᠮᠵᠢᠨ ᠥᠪᠡᠷ ᠤᠨ ᠥᠴᠥᠭᠡᠨ ᠬᠦᠴᠤ ᠪᠠᠨ ᠡᠷᠭᠦᠵᠦ᠂ ᠲᠡᠳᠡᠭᠡᠷ ᠬᠦᠴᠢᠷᠳᠡᠯᠲᠡᠢ ᠣᠯᠠᠨ ᠲᠦᠮᠡᠨ ᠢ ᠡᠪᠡᠳᠴᠢᠯᠡᠭᠰᠡᠨ ᠦᠶ᠎ᠡ ᠳᠤ ᠡᠪᠡᠳᠴᠢᠨ ᠢᠶᠠᠨ ᠦᠵᠡᠭᠦᠯᠵᠦ ᠳᠡᠶᠢᠯᠬᠦ ᠪᠣᠯᠭᠠᠵᠤ᠂ ᠡᠮ ᠡᠮᠨᠡᠯᠭᠡ ᠶᠢᠨ ᠵᠠᠷᠤᠳᠡᠯ ᠤᠨ ᠲᠦᠯᠤᠭᠡ ᠰᠠᠨᠠᠭ᠎ᠠ ᠵᠣᠪᠠᠭ᠋ᠤ ᠴᠢᠬᠤᠯᠠ ᠦᠭᠡᠢ᠂ ᠡᠮ ᠡᠮᠨᠡᠯᠭᠡ ᠶᠢᠨ ᠪᠠᠲᠤᠯᠠᠭ᠎ᠠ ᠲᠠᠢ ᠪᠣᠯᠭᠠᠬᠤ ᠭᠡᠰᠡᠨ ᠶᠤᠮ︾ ᠭᠡᠯ᠎ᠡ᠃        ᠡᠨᠡᠬᠦ ᠰᠠᠶᠢᠬᠠᠨ ᠪᠤᠶᠠᠨᠰᠠᠭ ᠠᠵᠢᠯᠯᠠᠭ᠎ᠠ ᠨᠢ ᠬᠦᠴᠢᠷᠳᠡᠯᠲᠠᠢ ᠤᠯᠠᠨ ᠲᠦᠮᠡᠨ ᠳᠤ ᠬᠤᠷᠰᠢᠭᠰᠡᠨ ᠡᠮᠨᠡᠯᠭᠡ ᠶᠢᠨ ᠰᠦᠢᠳᠭᠡᠯ ᠢ ᠨᠢ ᠲᠣᠰᠢᠶᠠᠵᠤ ᠦᠭᠭᠦᠭᠰᠡᠨ ᠮᠥᠷᠲᠡᠭᠡᠨ ᠨᠡᠶᠢᠭᠡᠮ ᠤᠨ ᠬᠠᠶᠢᠷ᠎ᠠ ᠬᠠᠯᠠᠮᠵᠢ ᠪᠠ ᠲᠠᠮᠵᠢᠯᠭᠡ ᠲᠤᠰᠠᠯᠠᠮᠵᠢ ᠶᠢ ᠬᠦᠷᠲᠡᠭᠡᠨ᠂ ᠬᠠᠯᠠᠭᠤᠨ ᠲᠤᠯᠠᠭᠠᠨ ᠢ ᠮᠡᠳᠡᠷᠡᠭᠦᠯᠵᠡᠢ᠃                                           ᠴᠢᠮᠡᠭᠡᠯᠡᠭᠴᠢ᠄ ᠴᠥᠨ ᠬᠤᠸᠠ᠂ ᠮᠥᠷᠡᠨᠰᠡᠩ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号