ᠨᠢᠭᠡ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ | ᠬᠡᠷᠡᠭᠵᠢᠭᠦᠯᠪᠡ᠃ ᠵᠢᠯ ᠤᠨ ᠡᠬᠢᠨ ᠠᠴᠠ ᠨᠠᠭᠠᠰᠢ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ᠂ | ᠥᠩᠭᠡᠲᠦ ᠲᠡᠮᠦᠷᠯᠢᠭ ᠪᠣᠯᠪᠠᠰᠤᠷᠠᠭᠤᠯᠬᠤ᠂ ᠲᠠᠷᠢᠶᠠᠯᠠᠩ ᠮᠠᠯ ᠠᠵᠤ ᠠᠬᠤᠶ᠂ ᠡᠯᠧᠺᠲᠷᠤᠨ ᠮᠡᠳᠡᠭᠡ ᠵᠠᠩᠭᠢ ᠵᠡᠷᠭᠡ | ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 6᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 52᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ | ᠳᠤᠮᠳᠠ ᠵᠢᠵᠢᠭ ᠠᠵᠤ ᠠᠬᠤᠶᠢᠯᠠᠯ ᠢ 256 ᠪᠤᠶᠢᠵᠢᠭᠤᠯᠵᠤ ᠭᠤᠶᠤᠴᠢᠯᠠᠨ ᠮᠡᠳᠡᠭᠦᠯᠪᠡ᠃ ᠬᠤᠶᠠᠷ ᠲᠤ ᠠᠵᠤ | ᠦᠢᠯᠡᠰ ᠤᠨ ᠪᠣᠭᠤᠮᠲᠠ ᠰᠢᠪᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ | ︽ᠰᠤᠩᠭᠠᠷᠢ ᠮᠦᠷᠡᠨ ᠯᠢᠶᠤᠤ ᠡᠾᠧ ᠭᠤᠣᠯ ᠤᠨ ᠬᠤᠲᠣᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠤᠨ | ᠬᠡᠯᠪᠡᠷᠢ ᠶᠢᠨ ᠦᠷᠡᠨ ᠬᠦᠳᠡᠷ ᠤᠨ ᠡᠷᠦᠳᠡᠰᠦ ᠶᠢᠨ ᠣᠨᠣᠯ ᠬᠢᠭᠡᠳ ᠠᠭᠤᠷᠬᠠᠶ ᠬᠠᠶᠢᠬᠤ ᠵᠠᠩᠭᠢᠯᠠᠭ᠎ᠠ ᠶᠢᠨ | ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠰᠢᠪᠲᠤᠯᠤᠯᠲᠠ︾ ᠨᠢ ᠣᠯᠠᠨ ᠤᠯᠤᠰ ᠤᠨ ᠲᠡᠷᠢᠭᠦᠨ ᠲᠦᠪᠰᠢᠨ ᠳᠤ | ᠬᠦᠷᠴᠦ᠂ ︽ᠯᠢ ᠾᠧ ᠰᠢᠷᠢᠰ ᠡᠷᠳᠡᠨᠢ ᠰᠢᠰᠢ ᠶᠢᠨ ᠰᠢᠯᠢᠳᠡᠭ ᠡᠬᠢ ᠪᠠᠶᠠᠯᠢᠭ ᠢ ᠡᠭᠦᠳᠦᠨ ᠪᠦᠲᠦᠭᠡᠬᠦ ᠪᠠ ᠰᠢᠨ᠎ᠡ | ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠬᠡᠷᠡᠭᠯᠡᠬᠦ ᠮᠡᠷᠭᠡᠵᠢᠯ︾᠂ ︽ᠬᠠᠬᠢᠷ ᠬᠦᠢᠲᠡᠨ ᠬᠠᠭᠤᠷᠠᠢ ᠭᠠᠵᠠᠷ ᠲᠤ | ᠶᠤᠸᠠᠢ ᠶᠠᠩ ᠬᠤᠩ ᠠᠯᠮᠤᠷᠠᠳ ᠢ ᠣᠷᠣᠭᠤᠯᠤᠨ ᠠᠪᠴᠢᠷᠠᠬᠤ ᠵᠢᠴᠢ ᠢᠵᠢ ᠪᠦᠷᠢᠳᠦᠭᠦᠯᠦᠨ ᠲᠠᠷᠢᠵᠤ ᠪᠤᠶᠢᠵᠢᠭᠤᠯᠬᠤ | ᠮᠡᠷᠭᠡᠵᠢᠯ ᠤᠨ ᠰᠣᠳᠤᠯᠤᠯ︾ ᠤᠨ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠳᠤ ᠲᠡᠷᠢᠭᠦᠯᠡᠵᠦ ᠪᠤᠢ᠃ | ᠭᠤᠷᠪᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠢᠨᠵᠧᠨᠧᠷᠢᠩ ᠢ | ᠬᠡᠷᠡᠭᠵᠢᠭᠦᠯᠪᠡ᠃ ᠵᠢᠯ ᠤᠨ ᠡᠬᠢᠨ ᠠᠴᠠ ᠨᠠᠭᠠᠰᠢ᠂ ᠨᠡᠶᠢᠳᠡ 135 ᠵᠦᠢᠯ ᠤᠨ ᠮᠡᠷᠭᠡᠵᠢᠯ ᠤᠨ ᠭᠡᠷ᠎ᠡ ᠶᠢ ᠮᠠᠭᠠᠳᠯᠠᠨ | ᠲᠤᠭᠳᠠᠭᠠᠵᠤ ᠳᠠᠩᠰᠠᠯᠠᠭᠰᠠᠨ ᠪᠦᠭᠡᠳ ᠭᠡᠷ᠎ᠡ ᠪᠠᠷ ᠠᠷᠠᠯᠵᠢᠶ᠎ᠠ ᠪᠦᠲᠦᠭᠰᠡᠨ ᠲᠤᠭ᠎ᠠ ᠨᠢ 17392.07 ᠲᠦᠮᠡᠨ | ᠲᠦᠭᠦᠷᠢᠭ ᠲᠤ ᠬᠦᠷᠪᠡ︔ ᠦᠪᠡᠷᠲᠡᠭᠡᠨ ᠵᠠᠰᠠᠬᠤ ᠣᠷᠤᠨ ᠳᠤ 500 ᠲᠦᠮᠡᠨ ᠲᠦᠭᠦᠷᠢᠭ ᠠᠴᠠ ᠳᠡᠭᠡᠭᠰᠢᠬᠢ ᠶᠡᠭᠡ | ᠲᠣᠭᠠᠨ ᠤ ᠮᠡᠷᠭᠡᠵᠢᠯ ᠤᠨ ᠭᠡᠷ᠎ᠡ ᠶᠢ ᠤᠷᠢᠳ ᠢᠶᠠᠷ ᠰᠢᠯᠭᠠᠷᠠᠭᠤᠯᠵᠤ ᠡᠬᠢᠯᠡᠭᠦᠯᠦᠭᠡᠳ ᠨᠡᠶᠢᠲᠡ 4 ᠵᠦᠢᠯ ᠢ | ᠰᠢᠯᠭᠠᠷᠠᠭᠤᠯᠪᠠ᠃ ᠳᠥᠷᠪᠡ ᠳᠤ ᠰᠢᠨ᠎ᠡ ᠡᠭᠦᠳᠦᠯᠲᠡ ᠶᠢᠨ ᠲᠠᠪᠴᠠᠩ ᠤᠨ ᠠᠴᠢᠶᠠᠯᠠᠪᠤᠷᠢ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ︽ᠮᠧᠩ ᠺᠧ ᠵᠢᠦᠢ︾ ᠶᠢᠨ ᠬᠤᠪᠢᠶᠠᠷᠢ ᠲᠥᠪ ᠤᠨ ᠠᠵᠢᠯᠯᠠᠬᠤ | ᠥᠷᠲᠡᠭᠡ ᠶᠢ 4 ᠪᠠᠶᠢᠭᠤᠯᠵᠤ᠂ ᠲᠠᠪᠴᠠᠩ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠵᠢᠵᠢᠭ ᠠᠵᠤ ᠠᠬᠤᠶᠢᠯᠠᠯ ᠵᠡᠷᠭᠡ ᠶᠢ 401 ᠡᠷᠦᠬᠡ᠂ ᠬᠤᠪᠢ | ᠬᠥᠮᠦᠨ ᠢ 555 ᠳᠠᠩᠰᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ 287 ᠵᠦᠢᠯ | ᠨᠡᠶᠢᠲᠡᠯᠡᠵᠦ᠂ ᠤᠯᠠᠷᠢᠭᠤᠯᠵᠤ ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ 23 ᠵᠦᠢᠯ ᠪᠣᠯᠤᠭᠰᠠᠨ ᠪᠦᠭᠡᠳ | ᠤᠯᠠᠷᠢᠯᠠᠭᠤᠯᠤᠭᠰᠠᠨ ᠵᠣᠭᠤᠰᠤᠨ ᠲᠤᠭ᠎ᠠ 2416.09 ᠲᠦᠮᠡᠨ ᠲᠥᠭᠦᠷᠢᠭ ᠲᠤ ᠬᠦᠷᠴᠡᠶ᠃ ᠲᠠᠪᠤ ᠳᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠪᠡ᠃ | ᠵᠦᠩᠱᠠᠨ ᠶᠡᠭᠡ ᠰᠤᠷᠭᠠᠭᠤᠯᠢ ᠶᠢᠨ ᠭᠠᠮᠮ᠎ᠠ ᠶᠢᠨ ᠹᠣᠲ᠋ᠤᠨ ᠮᠥᠷᠭᠦᠯᠳᠦᠬᠦ ᠮᠠᠰᠢᠨ ᠵᠢᠴᠢ ᠶᠡᠷᠦᠩᠬᠡᠶᠢᠯᠡᠭᠰᠡᠨ ᠪᠠᠭᠴᠠ | ᠤᠷᠤᠰᠬᠠᠯᠲᠤ ᠬᠡᠷᠡᠭᠯᠡᠭᠡᠨ ᠤ ᠪᠡᠯᠡᠳᠬᠡᠮᠵᠢ ᠶᠢᠨ ᠲᠦᠷᠦᠯ ᠵᠦᠢᠯ ᠯᠦᠭᠡ ᠠᠵᠢᠯ ᠢᠶᠠᠨ ᠵᠣᠯᠭᠠᠭᠤᠯᠵᠤ᠂ ᠰᠢ ᠠᠨ ᠤ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠼᠤᠤ ᠲᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ | ᠦᠢᠯᠡᠰ ᠤᠨ ᠰᠠᠭᠤᠷᠢᠨ ᠭᠠᠵᠠᠷ᠂ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ | ᠭᠦᠢᠯᠭᠡᠭᠡ ᠶᠢ ᠠᠬᠢᠭᠤᠯᠬᠤ ᠨᠡᠶᠢᠭᠡᠮᠯᠢᠭ ᠯᠦᠭᠡ ᠬᠠᠮᠲᠤᠷᠠᠯᠴᠠᠭ᠎ᠠ ᠥᠷᠨᠢᠭᠦᠯᠬᠦ ᠶᠢ ᠰᠦᠪᠡᠭᠴᠢᠯᠡᠵᠦ᠂ ᠪᠡᠭᠡᠵᠢᠩ | ᠲᠢᠶᠠᠨᠵᠢᠨ ᠡᡁᠧᠪᠸᠢ ᠶᠢᠨ ᠰᠣᠯᠢᠯᠴᠠᠭᠠᠨ ᠤ ᠭᠠᠷᠠᠭ᠂ ︽ᠬᠤᠶᠠᠷ ᠬᠦᠪᠡᠭᠦᠨ ᠤᠳᠤᠨ ᠣᠷᠣᠨ︾ ᠨᠡᠷᠡᠮᠵᠢᠲᠦ ᠯᠦᠭᠡ | ᠠᠵᠢᠯ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠳᠤ 6 ᠤᠳᠠᠭ᠎ᠠ ᠣᠷᠣᠯᠴᠠᠵᠤ᠂ 19 ᠵᠦᠢᠯ ᠤᠨ | ᠬᠠᠮᠲᠤᠷᠠᠯᠴᠠᠭᠠᠨ ᠤ ᠭᠡᠷ᠎ᠡ ᠲᠣᠭᠲᠠᠵᠤ᠂ ᠲᠣᠭᠲᠠᠭᠰᠠᠨ ᠭᠡᠷ᠎ᠡ ᠶᠢᠨ ᠵᠣᠭᠤᠰᠤᠨ ᠲᠤᠭ᠎ᠠ 645 ᠲᠦᠮᠡᠨ | ᠲᠥᠭᠦᠷᠢᠭ ᠲᠤ ᠬᠦᠷᠪᠡ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ | | |