ᠠᠷᠤ ᠬᠤᠷᠴᠢᠨ ᠬᠤᠰᠢᠭᠤ ︽ᠦᠵᠡᠯ ᠰᠠᠨᠠᠭ᠎ᠠ ᠪᠠᠨ ᠶᠡᠬᠡᠪᠡᠷ ᠴᠢᠯᠦᠭᠡᠯᠡᠬᠦ᠂ ᠠᠵᠢᠯ ᠢᠶᠠᠨ ᠶᠡᠭᠡᠪᠡᠷ ᠲᠦᠷᠭᠡᠣᠡᠭᠡᠬᠦ᠂ ᠠᠵᠤ ᠠᠬᠤᠢ ᠪᠠᠨ ᠶᠡᠭᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠲᠣᠰᠬᠠᠢ  ᠰᠡᠳᠣᠪᠳᠣ ᠰᠤᠳᠤᠯᠤᠨ ᠶᠠᠷᠢᠯᠴᠠᠬᠤ ᠵᠢᠴᠢ ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠣᠷᠣᠯᠴᠠᠬᠤ ᠭᠤᠣᠯᠯᠠᠬᠤ ᠳᠤᠭᠤᠶᠢᠯᠠᠩ ᠤᠨ ︵ᠦᠷᠭᠡᠳᠭᠡᠭᠰᠡᠨ︶ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2024/12/17
       ᠣᠶᠢᠷ᠎ᠠ ᠶᠢᠨ ᠡᠳᠤᠷ᠂ ᠠᠷᠤ ᠬᠤᠷᠴᠢᠨ ᠬᠤᠰᠢᠭᠤ ︽ᠦᠵᠡᠯ ᠰᠠᠨᠠᠭ᠎ᠠ ᠪᠠᠨ ᠶᠡᠬᠡᠪᠡᠷ ᠴᠢᠯᠤᠭᠡᠯᠡᠬᠦ᠂ ᠠᠵᠢᠯ ᠢᠶᠠᠨ ᠶᠡᠭᠡᠪᠡᠷ ᠲᠦᠷᠭᠡᠣᠡᠭᠡᠬᠦ᠂ ᠠᠵᠤ ᠠᠬᠤᠢ ᠪᠠᠨ ᠶᠡᠭᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠲᠣᠰᠬᠠᠢ ᠰᠡᠲᠤᠪᠲᠤ ᠰᠤᠳᠤᠯᠤᠨ ᠶᠠᠷᠢᠯᠴᠠᠬᠤ ᠵᠢᠴᠢ ᠬᠤᠰᠢᠭᠤᠨ ᠨᠠᠮ ᠤᠨ ᠬᠤᠷᠢᠶ᠎ᠠ ᠶᠢᠨ ᠣᠨᠣᠯ ᠰᠣᠷᠣᠯᠴᠠᠬᠤ ᠭᠤᠣᠯᠯᠠᠬᠤ ᠲᠤᠭᠤᠶᠢᠯᠠᠩ ᠤᠨ ︵ᠦᠷᠭᠡᠣᠡᠭᠡᠭᠰᠡᠨ︶ ᠰᠤᠷᠣᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠤᠨᠣᠯ ᠰᠣᠷᠣᠯᠴᠠᠬᠤ ᠭᠤᠣᠯᠯᠠᠬᠤ ᠳᠤᠭᠤᠶᠢᠯᠠᠩ ᠤᠨ ᠭᠡᠰᠢᠭᠦᠨ ᠵᠢᠴᠢ ᠬᠤᠰᠢᠭᠤᠨ ᠳᠠᠭᠠᠨ ᠪᠠᠶᠢᠭ᠎ᠠ ᠰᠢᠶᠠᠨ ᠭᠠᠵᠠᠷ ᠤᠨ ᠳᠡᠰ ᠤᠨ ᠤᠳᠤᠷᠢᠳᠤᠯᠭ᠎ᠠ ᠬᠤᠷᠠᠯ ᠳᠤ ᠤᠷᠤᠯᠴᠠᠵᠠᠢ᠃ ᠬᠤᠲᠠ ᠶᠢᠨ ᠨᠠᠮ ᠤᠨ ᠬᠤᠷᠢᠶ᠎ᠠ ᠶᠢᠨ ᠶᠠᠷᠢᠯᠴᠠᠭᠠᠨ ᠤ ᠠᠵᠢᠯᠯᠠᠭ᠎ᠠ ᠶᠢᠨ ᠠᠯᠪᠠᠨ ᠭᠡᠷ ᠤᠨ ᠲᠠᠪᠤᠳᠠᠬᠢ ᠰᠤᠯᠠ ᠰᠤᠨᠣᠰᠴᠤ ᠬᠢᠨᠠᠨ ᠵᠢᠯᠣᠭᠤᠣᠡᠬᠤ ᠲᠤᠭᠤᠶᠢᠯᠠᠩ ᠬᠤᠷᠠᠯ ᠳᠤ ᠣᠷᠤᠯᠴᠠᠵᠤ ᠵᠢᠭᠠᠨ ᠵᠢᠯᠤᠭᠤᠳᠪᠠ᠃        ᠬᠤᠷᠠᠯ ᠳᠤ ᠣᠷᠣᠯᠴᠠᠭᠰᠠᠳ ᠪᠥᠬᠦ ᠬᠤᠰᠢᠭᠤᠨ ᠤ ᠬᠥᠭᠵᠢᠯᠲᠠ ᠶᠢᠨ ᠬᠡᠷᠡᠭᠴᠡᠭᠡ ᠱᠠᠭᠠᠷᠳᠠᠯᠭ᠎ᠠ ᠪᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠤᠨ ᠪᠤᠳᠠᠲᠤ ᠪᠠᠶᠢᠳᠡᠯ ᠳᠠᠭᠠᠨ ᠰᠠᠭᠤᠷᠢᠯᠠᠨ᠂ ︽ᠳᠠᠪᠠᠭᠤᠯᠢᠭ ᠢᠶᠠᠨ ᠪᠠᠲᠠᠷᠠᠭᠤᠯᠵᠤ᠂ ᠵᠦᠷᠢᠶ᠎ᠡ ᠪᠠᠨ ᠡᠷᠢᠵᠤ᠂ ᠬᠥᠭᠵᠢᠯᠲᠠ ᠪᠠᠨ ᠠᠬᠢᠭᠤᠯᠬᠤ︾ ᠶᠢᠨ ᠲᠤᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠵᠤ᠂ ᠥᠪᠡᠷᠮᠢᠴᠠ ᠣᠨᠴᠠᠯᠢᠭ ᠪᠠ ᠳᠠᠪᠠᠭᠤᠯᠢᠭ᠂ ᠠᠰᠠᠭᠤᠳᠠᠯ ᠤᠨ ᠲᠤᠲᠠᠭᠤᠳᠠᠯ ᠪᠠ ᠠᠵᠢᠯ ᠤᠨ ᠰᠡᠳᠭᠢᠮᠵᠢ ᠪᠠᠨ ᠤᠯᠠᠮ ᠨᠢᠭᠡ ᠠᠯᠬᠤᠮ ᠲᠤᠳᠤᠷᠬᠠᠶᠢᠯᠠᠵᠤ᠂ ᠬᠥᠭᠵᠢᠯᠲᠠ ᠶᠢ ᠠᠣᠡᠬᠤᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠ ᠠᠵᠢᠯ ᠤᠨ ᠨᠡᠶᠢᠯᠡᠮᠠᠯ ᠬᠦᠴᠣᠨ ᠢ ᠪᠦᠷᠢᠯᠳᠦᠭᠦᠯᠦᠨ ᠨᠢᠭᠲᠠᠷᠠᠭᠤᠯᠵᠠᠢ᠃
       ᠬᠤᠷᠠᠯ ᠠᠴᠠ ᠵᠢᠭᠠᠵᠤ ᠭᠠᠷᠭᠠᠭᠰᠠᠨ ᠨᠢ᠂ ︽ᠳᠠᠪᠠᠭᠤᠯᠢᠭ ᠢᠶᠠᠨ ᠪᠠᠲᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠪᠠᠨ ᠠᠬᠢᠭᠤᠯᠬᠤ︾ ᠳᠤᠰᠬᠠᠢ ᠰᠡᠳᠤᠪᠲᠤ ᠰᠤᠳᠤᠯᠤᠨ ᠶᠠᠷᠢᠯᠴᠠᠭ᠎ᠠ ᠶᠢ ᠦᠷᠨᠢᠭᠦᠯᠬᠦ ᠨᠢ ︽ᠦᠵᠡᠯ ᠰᠠᠨᠠᠭ᠎ᠠ ᠪᠠᠨ ᠶᠡᠬᠡᠪᠡᠷ ᠴᠢᠯᠤᠭᠡᠯᠡᠬᠦ᠂ ᠠᠵᠢᠯ ᠢᠶᠠᠨ ᠶᠡᠬᠡᠪᠡᠷ ᠲᠦᠷᠭᠡᠣᠡᠭᠡᠬᠦ᠂  ᠠᠵᠤ  ᠠᠬᠤᠢ  ᠪᠠᠨ  ᠶᠡᠭᠡᠪᠡᠷ  ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠲᠣᠭᠲᠠᠭᠰᠠᠨ ᠬᠥᠳᠡᠯᠭᠡᠭᠡᠨ ᠪᠣᠯᠬᠤ ᠪᠠᠷ ᠪᠠᠷᠠᠬᠤ ᠦᠭᠡᠢ ᠨᠡᠩ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠰᠢᠨ᠎ᠡ ᠵᠠᠮ ᠨᠡᠬᠡᠭᠡᠨ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠳᠤ ᠠᠩᠬᠠᠷᠤᠯ ᠢᠶᠠᠨ ᠲᠦᠪᠯᠠᠷᠠᠭᠦᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠠᠶᠢᠵᠤ᠂ ᠪᠦᠬᠦ ᠬᠤᠰᠢᠭᠤᠨ ᠤ ᠲᠠᠪᠠᠭᠤᠯᠢᠭ ᠢᠶᠠᠨ ᠲᠤᠳᠤᠷᠬᠠᠢ ᠣᠶᠢᠯᠠᠭᠠᠵᠤ᠂ ᠵᠦᠷᠢᠶ᠎ᠡ ᠪᠠᠨ ᠣᠨᠣᠪᠴᠢᠲᠡᠢ ᠡᠷᠢᠵᠤ᠂ ᠴᠢᠨᠠᠷ ᠰᠠᠶᠢᠲᠠᠢ ᠬᠥᠭᠵᠢᠯᠲᠠ ᠶᠢ ᠪᠠᠶᠠᠯᠡᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ ᠭᠡᠵᠡᠢ᠃        ᠬᠤᠷᠠᠯ ᠠᠴᠠ ᠴᠢᠬᠤᠯᠠᠴᠢᠯᠬᠠᠰᠡᠨ ᠨᠢ᠂ ᠬᠥᠭᠵᠢᠯᠲᠠ ᠳᠤ ᠲᠤᠯᠭᠠᠷᠠᠵᠤ ᠪᠠᠶᠢᠭ᠎ᠠ ᠪᠠᠶᠢᠳᠠᠯ᠂ ᠠᠵᠠ ᠲᠣᠬᠢᠶᠠᠯ ᠪᠣᠯᠣᠨ ᠦᠷᠢᠰᠣᠯᠳᠣᠭᠡᠨ ᠢ ᠬᠦᠨᠵᠡᠭᠡᠢ ᠲᠠᠨᠢᠵᠤ᠂ ᠲᠦᠷᠤ ᠶᠢᠨ ᠪᠣᠳᠤᠯᠭ᠎ᠠ᠂ ᠠᠮᠢ ᠠᠬᠤᠢ᠂ ᠠᠵᠤ ᠦᠢᠯᠡᠰ᠂ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠲᠤ ᠲᠦᠰᠢᠭᠯᠡᠨ᠂ ᠭᠠᠵᠠᠷ ᠣᠷᠣᠨ ᠤ ᠪᠠᠶᠢᠳᠠᠯ ᠳᠠᠭᠠᠨ ᠳᠣᠬᠢᠷᠠᠭᠤᠯᠵᠤ᠂ ᠰᠡᠳᠭᠢᠮᠵᠢ ᠳᠤ ᠪᠠᠨ ᠰᠢᠨ᠎ᠡ ᠶᠢ ᠡᠭᠦᠳᠣᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠦᠭᠡᠷᠡᠴᠢᠯᠠᠯᠲᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠳᠦᠴᠡ ᠶᠢ ᠰᠢᠯᠢᠳᠡᠭᠵᠢᠭᠦᠯᠵᠦ᠂ ᠬᠡᠯᠪᠡᠷᠢ ᠶᠢ ᠬᠤᠪᠢᠷᠠᠭᠤᠯᠤᠨ ᠲᠠᠰ ᠲᠠᠪᠰᠢᠭᠦᠯᠬᠦ ᠶᠢ ᠠᠬᠢᠭᠤᠯᠵᠤ᠂ ᠣᠨᠴᠠᠯᠢᠭᠲᠤ ᠲᠠᠪᠠᠭᠤᠯᠢᠭ ᠢ ᠬᠥᠭᠵᠢᠯᠲᠠ ᠶᠢᠨ ᠬᠦᠳᠡᠯᠭᠡᠬᠦ ᠬᠦᠴᠣᠨ ᠪᠣᠯᠭᠠᠨ ᠬᠤᠪᠢᠷᠠᠭᠤᠯᠬᠤ ᠬᠡᠷᠡᠭᠲᠡᠢ᠃ ︽ᠬᠤᠶᠠᠷ ᠶᠡᠭᠡ ᠶᠠᠪᠤᠳᠠᠯ︾ ᠢ ᠰᠠᠶᠢᠳᠤᠷ ᠬᠢᠬᠦ ᠳᠤ ᠠᠩᠬᠠᠷᠤᠯ ᠢᠶᠠᠨ ᠲᠦᠪᠯᠡᠷᠡᠭᠦᠯᠵᠤ᠂ ᠬᠠᠷᠠᠯᠲᠠ ᠶᠢᠨ ᠤᠳᠤᠷᠢᠳᠤᠮᠵᠢ᠂ ᠠᠰᠠᠭᠤᠳᠠᠯ ᠤᠨ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ ᠶᠢ ᠪᠠᠲᠤ ᠪᠣᠢ ᠪᠣᠯᠭᠠᠵᠤ᠂ ᠲᠡᠭᠡᠲᠤ ᠱᠠᠲᠤᠨ ᠤ ᠱᠠᠭᠠᠷᠳᠠᠯᠭ᠎ᠠ ᠪᠠᠷ ᠪᠠᠷᠢᠮᠵᠢᠶ᠎ᠠ ᠪᠣᠯᠭᠠᠨ᠂ ᠲᠠᠷᠢᠭᠦᠨ ᠤ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠦᠯᠥᠭᠡᠯᠡᠵᠤ ᠪᠠᠶᠢᠭ᠎ᠠ ᠠᠰᠠᠭᠤᠳᠠᠯ ᠤᠨ ᠦᠨᠳᠦᠰᠤ ᠰᠤᠷᠪᠤᠯᠵᠢ ᠶᠢ ᠬᠦᠨᠵᠡᠭᠡᠢ ᠠᠭᠤᠳᠠᠯᠵᠤ᠂ ᠪᠥᠬᠦ ᠬᠤᠰᠢᠭᠤᠨ ᠤ ᠬᠦᠴᠦᠨ ᠢ ᠲᠠᠶᠢᠴᠢᠯᠠᠨ ᠬᠥᠭᠵᠢᠯᠲᠡ ᠶᠢ ᠬᠢᠵᠡᠭᠠᠷᠯᠠᠵᠤ ᠪᠠᠶᠢᠭ᠎ᠠ ᠬᠦᠴᠢᠷ ᠠᠰᠠᠭᠤᠳᠠᠯ ᠢ ᠰᠠᠶᠢᠳᠤᠷ ᠰᠢᠢᠣᠡᠪᠣᠷᠢᠯᠡᠬᠦ ᠬᠡᠷᠡᠭᠲᠡᠢ᠃ ᠶᠠᠷᠢᠯᠴᠠᠭᠠᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠬᠦ ᠪᠠᠷ ᠳᠣᠬᠢᠶᠠᠯ ᠪᠣᠯᠭᠠᠵᠤ᠂ ᠪᠥᠬᠦ ᠣᠶᠣᠨ ᠴᠢᠳᠡᠯ ᠢᠶᠠᠨ ᠨᠡᠶᠢᠳᠡᠪᠤᠷᠢᠵᠢᠭᠤᠯᠤᠯᠲᠠ ᠶᠢ ᠠᠣᠡᠬᠤᠬᠤ᠂ ᠬᠦᠭᠵᠢᠯᠲᠠ ᠶᠢ ᠠᠬᠢᠭᠤᠯᠬᠤ ᠳᠤ ᠲᠥᠪᠯᠡᠷᠡᠭᠦᠯᠵᠦ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠤᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠤᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠶᠠᠷᠢᠯᠴᠠᠭᠠᠨ ᠤ ᠠᠵᠢᠯᠯᠠᠭ᠎ᠠ ᠶᠢᠨ ᠦᠨᠡᠨ ᠪᠣᠳᠡᠲᠡᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠦᠯᠤᠪᠵᠢᠭᠦᠯᠤᠨ ᠨᠡᠶᠢᠳᠠ ᠳᠤᠨᠢ ᠬᠠᠷᠠᠭᠠᠯᠵᠠᠬᠤ ᠶᠢ ᠪᠠᠷᠢᠮᠳᠠᠯᠠᠵᠤ᠂ ᠶᠠᠷᠢᠯᠴᠠᠭᠠᠨ ᠤ ᠠᠵᠢᠯᠯᠠᠭ᠎ᠠ ᠦᠷᠨᠢᠭᠦᠯᠬᠦ ᠶᠢ ᠵᠢᠯ ᠤᠨ ᠡᠴᠣᠰ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠡᠭᠦᠷᠭᠡ ᠶᠢ ᠨᠠᠶᠢᠳᠠᠪᠤᠷᠢᠵᠢᠭᠤᠯᠬᠤ  ᠲᠠᠢ ᠤᠷᠭᠠᠨᠢᠭ ᠢᠶᠠᠷ ᠤᠶᠠᠯᠳᠤᠭᠤᠯᠵᠤ᠂ ︽ᠬᠤᠶᠠᠷ ᠲᠠᠯ᠎ᠠ ᠶᠢ ᠠᠳᠬᠤᠵᠤ᠂ ᠬᠤᠶᠠᠷ ᠢ ᠠᠬᠢᠭᠤᠯᠬᠤ︾ ᠶᠢ ᠪᠠᠶᠠᠯᠡᠭᠦᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠠᠵᠢᠯ ᠢᠶᠠᠨ ᠣᠨᠣᠪᠴᠢᠲᠠᠢ ᠰᠠᠶᠢᠲᠤᠷ ᠲᠦᠯᠤᠪᠵᠢᠭᠦᠯᠵᠦ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠤᠨ ᠤᠷᠤᠭᠰᠢᠲᠡᠢ ᠶᠠᠪᠤᠭᠲᠠᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠡᠢ᠃ ︵ᠯᠢ ᠬᠤᠸᠠᠨ ᠢᠣᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号