ᠠᠷᠤ ᠬᠤᠷᠴᠢᠨ ᠬᠤᠰᠢᠭᠤ 2024 ᠣᠨ ᠤ ᠪᠥᠬᠦ ᠬᠤᠰᠢᠭᠤᠨ ᠤ ᠨᠠᠮ ᠤᠨ ︵ᠠᠵᠢᠯᠯᠠᠬᠤ︶ ᠬᠤᠷᠢᠶ᠎ᠠ  ᠶᠢᠨ ᠱᠦᠵᠢ ᠶᠢᠨ ᠦᠨᠳᠦᠰᠤᠨ ᠱᠡᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ ᠮᠡᠳᠡᠭᠦᠯᠦᠯᠲᠠ ᠦᠨᠡᠯᠡᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/17
       12 ᠰᠠᠷ᠎ᠠ ᠶᠢᠨ 13 ᠤ ᠡᠳᠤᠷ᠂ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠸᠧᠢ ᠪᠢᠯᠢᠭ 2024 ᠣᠨ ᠤ ᠪᠥᠬᠦ ᠬᠤᠰᠢᠭᠤᠨ ᠤ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ ᠶᠢᠨ ᠦᠨᠳᠦᠰᠤᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠣᠡᠬᠤᠡᠡᠰᠡᠨ ᠲᠣᠰᠢᠶᠠᠯ ᠤᠨ ᠮᠡᠳᠡᠭᠦᠯᠤᠯᠲᠠ ᠦᠨᠡᠯᠠᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠳᠤᠭᠤᠶᠢᠯᠠᠩ ᠤᠨ ᠱᠦᠵᠢ᠂ ᠬᠤᠰᠢᠭᠤᠨ ᠰᠢᠭᠤᠳ ᠬᠠᠷᠢᠶ᠎ᠠ ᠰᠢᠰᠲ᠋ᠧᠮ ᠤᠨ ᠨᠠᠮ ᠤᠨ ᠬᠤᠷᠢᠶ᠎ᠠ ᠶᠢᠨ ᠱᠦᠵᠢ ᠶᠢᠨ ᠲᠣᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠸᠧᠢ ᠪᠢᠯᠢᠭ ᠬᠤᠰᠢᠭᠤᠨ ᠨᠠᠮ ᠤᠨ ᠬᠤᠷᠢᠶ᠎ᠠ ᠶᠢ ᠲᠦᠯᠥᠭᠡᠯᠡᠨ ᠨᠢᠭᠡᠳ ᠨᠢᠭᠡ ᠪᠠᠷ ᠦᠨᠡᠯᠡᠯᠲᠡ ᠦᠭᠴᠡᠢ᠃ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠳᠠᠰ ᠬᠤᠷᠠᠯ ᠳᠤ ᠬᠥᠮᠤᠨ ᠳᠣᠮᠢᠯᠠᠨ ᠵᠢᠭᠠᠨ ᠵᠢᠯᠣᠭᠤᠳᠣᠯᠭ᠎ᠠ ᠪᠠ ᠦᠨᠡᠯᠡᠯᠲᠡ ᠬᠢᠯᠭᠡᠪᠡ᠃
       ᠸᠧᠢ ᠪᠢᠯᠢᠭ ᠵᠢᠭᠠᠬᠤ ᠳᠤ ᠪᠠᠨ᠂ ᠶᠡᠷᠤᠩᠬᠡᠢ ᠱᠦᠵᠢ ᠰᠢ ᠶᠢᠨ ᠫᠢᠩ ᠨᠠᠮ ᠤᠨ ᠪᠠᠶᠢᠭᠤᠯᠤᠯᠲᠠ ᠶᠢᠨ ᠠᠵᠢᠯ ᠢ ᠲᠡᠭᠡᠲᠤ ᠭᠡᠮᠵᠢᠶ᠎ᠠ ᠪᠠᠷ ᠴᠢᠬᠤᠯᠠᠴᠢᠯᠠᠵᠤ᠂ ᠠᠯᠢ ᠣᠯᠠᠨ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠮᠠᠨᠳᠤᠭᠤᠯᠵᠤ ᠨᠠᠮ ᠢ ᠬᠦᠴᠦᠷᠬᠡᠭᠵᠢᠭᠦᠯᠬᠦ ᠰᠢᠨ᠎ᠡ ᠤᠶᠢᠯᠠᠭᠠᠡᠡᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠳᠤ ᠦᠨᠳᠦᠰᠤᠨ ᠵᠢᠷᠤᠮᠯᠠᠯ ᠪᠣᠯᠣᠨ ᠦᠨᠳᠦᠰᠤᠯᠠᠯ ᠬᠠᠩᠭᠠᠵᠠᠢ᠃ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠤᠯᠠᠭᠠᠡᠬᠠᠳᠠ ᠬᠤᠲᠠ ᠶᠢᠨ ᠨᠠᠮ ᠤᠨ ᠬᠤᠷᠢᠶ᠎ᠠ ᠲᠣᠰ ᠲᠣᠰ ᠦᠨᠳᠤᠰᠤᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠣᠡᠬᠤᠬᠤ ᠲᠤᠬᠠᠢ ᠳᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠤ᠂ ᠪᠤᠳᠠᠲᠠᠢ ᠱᠠᠭᠠᠷᠳᠠᠯᠭ᠎ᠠ ᠲᠤᠷᠠᠳᠴᠠᠢ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠨᠳᠦᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠪᠣᠯ ᠨᠠᠮ ᠤᠨ ᠲᠦᠷᠤ ᠪᠠᠷᠢᠬᠤ ᠰᠠᠭᠤᠷᠢ ᠶᠢ ᠪᠠᠬᠢᠵᠢᠭᠦᠯᠬᠦ ᠦᠨᠳᠤᠰᠤᠨ ᠪᠠᠲᠤᠯᠠᠭ᠎ᠠ ᠮᠦᠨ ᠭᠡᠳᠡᠭ ᠢ ᠬᠦᠨᠵᠡᠭᠡᠢ ᠲᠠᠨᠢᠵᠤ᠂ ᠤᠯᠤᠰ ᠲᠦᠷᠤ ᠶᠢᠨ ᠬᠠᠷᠢᠭᠤᠴᠠᠯᠭ᠎ᠠ  ᠪᠠᠨ ᠪᠠᠲᠤ ᠡᠭᠦᠷᠭᠡᠯᠡᠵᠦ᠂ ᠦᠨᠳᠦᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠡᠢ ᠳᠤ ᠨᠡᠶᠢᠳᠡᠪᠤᠷᠢᠵᠢᠭᠤᠯᠬᠤ ᠬᠡᠷᠡᠭᠲᠡᠢ ᠬᠡᠪᠡ᠃        ᠸᠧᠢ ᠪᠢᠯᠢᠭ ᠴᠢᠬᠤᠯᠠᠴᠢᠯᠠᠬᠤ ᠳᠤ ᠪᠠᠨ᠂ ᠵᠠᠩᠬᠢᠯᠠᠭ᠎ᠠ ᠭᠤᠣᠯᠳᠠᠯᠭ᠎ᠠ ᠶᠢ ᠠᠣᠡᠬᠤᠵᠤ᠂ ᠦᠨᠳᠦᠰᠤᠨ ᠱᠡᠳᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷ ᠤᠨ ᠡᠩᠨᠡᠭᠡ ᠶᠢᠨ ᠰᠢᠯᠢᠳᠡᠭ ᠢ ᠬᠦᠮᠤᠵᠢᠭᠦᠯᠤᠨ ᠬᠦᠴᠦᠷᠭᠡᠭᠵᠢᠭᠦᠯᠵᠦ᠂ ᠨᠠᠮ ᠤᠨ ᠪᠠᠶᠢᠭᠤᠯᠤᠯᠲᠡ ᠶᠢᠨ ᠬᠦᠲᠦᠯᠤᠨ ᠳᠠᠭᠠᠭᠤᠯᠬᠤ ᠦᠢᠯᠡᠳᠤᠯ ᠢ ᠭᠦᠢᠴᠡᠳ ᠪᠠᠲᠠᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠳᠠᠯ ᠤᠨ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠡᠷᠡᠯ ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠵᠤ᠂ ᠦᠨᠳᠦᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠡᠰᠠᠭ᠎ᠠ ᠦᠷ᠎ᠡ ᠪᠦᠲᠤᠮᠵᠢ ᠶᠢ  ᠪᠦᠬᠦ  ᠲᠠᠯ᠎ᠠ  ᠪᠠᠷ  ᠳᠡᠭᠡᠭᠰᠢᠯᠡᠭᠦᠯᠬᠦ  ᠬᠡᠷᠡᠭᠲᠡᠢ᠃ ᠦᠨᠳᠦᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠡᠶᠢᠳᠡᠪᠤᠷᠢᠵᠢᠭᠤᠯᠵᠤ᠂ ᠨᠢᠭᠡ ᠱᠠᠲᠤ ᠨᠢ ᠨᠢᠭᠡ ᠱᠠᠲᠤ ᠪᠠᠨ ᠠᠣᠡᠬᠤᠨ᠂ ᠱᠠᠲᠤ ᠱᠠᠲᠤ ᠪᠠᠷ ᠨᠡᠶᠢᠳᠡᠪᠤᠷᠢᠵᠢᠭᠤᠯᠤᠯᠲᠠ ᠶᠢ ᠠᠣᠡᠬᠤᠬᠤ ᠠᠵᠢᠯ ᠤᠨ ᠪᠠᠶᠢᠷᠢᠰᠢᠯ ᠢ ᠪᠦᠷᠢᠯᠳᠤᠭᠦᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠦᠨᠵᠡᠭᠡᠶᠢᠷᠡᠨ ᠬᠥᠭᠵᠢᠬᠦ ᠶᠢ ᠬᠦᠴᠤ ᠪᠠᠨ ᠬᠠᠮᠳᠤᠳᠬᠠᠨ ᠠᠬᠢᠭᠤᠯᠬᠤ ᠬᠡᠷᠡᠭᠲᠡᠢ᠃ ᠡᠭᠦᠨ ᠤ ᠬᠠᠮᠲᠤ᠂ ᠨᠠᠮ ᠤᠨ ᠪᠠᠶᠢᠭᠤᠯᠤᠯᠲᠠ ᠪᠠᠷ ᠪᠣᠳᠠᠲᠤ ᠠᠮᠵᠢᠯᠲᠠ ᠶᠢ ᠬᠢᠨᠠᠨ ᠰᠢᠯᠭᠠᠬᠤ ᠪᠠ ᠺᠠᠳ᠋ᠷ ᠢ ᠦᠨᠡᠯᠡᠬᠦ ᠴᠢᠬᠤᠯᠠ ᠦᠨᠳᠣᠰᠤᠯᠠᠯ ᠪᠣᠯᠭᠠᠵᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠨᠡᠶᠢᠲᠡᠪᠤᠷᠢᠵᠢᠭᠤᠯᠬᠤ ᠭᠡᠳᠡᠷᠭᠦ ᠠᠬᠢᠭᠤᠯᠤᠯᠲᠠ ᠪᠣᠯᠭᠠᠬᠤ ᠬᠡᠷᠡᠭᠲᠡᠢ ᠭᠡᠪᠡ᠃        ᠬᠤᠷᠠᠯ ᠠᠴᠠ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠪᠣᠯᠣᠨ ᠬᠤᠰᠢᠭᠤᠨ ᠰᠢᠭᠤᠳ ᠬᠠᠷᠢᠶ᠎ᠠ ᠰᠢᠰᠲ᠋ᠧᠮ ᠤᠨ ᠨᠠᠮ ᠤᠨ ᠬᠤᠷᠢᠶ᠎ᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠣᠡᠬᠤᠡᠡᠰᠡᠨ ᠪᠠᠶᠢᠳᠠᠯ ᠳᠤ ᠦᠨᠡᠯᠡᠯᠲᠠ ᠬᠢᠵᠡᠢ᠃        ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ᠂ ᠬᠤᠰᠢᠭᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠰᠡᠷᠭᠦᠯᠡᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠣᠮᠵᠢ ᠶᠢᠨ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ᠂ ᠬᠤᠰᠢᠭᠤᠨ ᠰᠢᠭᠤᠳ ᠬᠠᠷᠢᠶ᠎ᠠ ᠡᠯ᠎ᠡ ᠰᠢᠰᠲ᠋ᠧᠮ ᠤᠨ ᠨᠠᠮ ᠤᠨ ︵ᠠᠵᠢᠯᠯᠠᠬᠤ︶ ᠬᠤᠷᠢᠶ᠎ᠠ ᠶᠢᠨ ᠱᠦᠵᠢ᠂ ᠭᠡᠰᠡᠭ ᠨᠠᠮ ᠤᠨ ᠲᠥᠯᠥᠭᠡᠯᠡᠭᠴᠢ ᠪᠣᠯᠣᠨ ᠠᠷᠠᠳ ᠤᠨ ᠲᠥᠯᠥᠭᠡᠯᠡᠭᠴᠢ ᠵᠢᠴᠢ ᠤᠯᠤᠰ ᠲᠥᠷᠤ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠣᠷᠣᠯᠴᠠᠵᠠᠢ᠃ ︵ᠯᠢ ᠬᠤᠸᠠᠨ ᠢᠣᠢ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号