ᠣᠶᠢᠷ᠎ᠠ ᠶᠢᠨ ᠵᠢᠯ ᠳᠤ᠂ ᠬᠤᠨᠳᠣ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠰᠢᠨ᠎ᠡ | ᠮᠠᠶ᠋ᠢᠭ ᠤᠨ ᠲᠠᠷᠢᠶᠡᠯᠠᠩ ᠤᠨ ᠡᠵᠡᠩᠨᠡᠯᠲᠠ ᠶᠢᠨ ᠭᠤᠣᠯ ᠴᠤᠭᠴᠠ ᠶᠢ ᠢᠳᠡᠪᠬᠢᠲᠡᠢ ᠪᠠᠷ ᠪᠣᠶᠢᠵᠢᠭᠤᠯᠤᠨ᠂ | ᠲᠠᠷᠢᠶᠠᠯᠠᠩ ᠤᠨ ᠣᠶᠢᠯᠠᠳᠪᠤᠷᠢᠯᠠᠯ ᠤᠨ ᠰᠢᠨ᠎ᠡ ᠬᠡᠪ ᠵᠬᠠᠪᠣᠷ ᠢ ᠬᠠᠶᠢᠨ ᠰᠦᠪᠡᠭᠴᠢᠯᠠᠵᠤ᠂ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠠᠴᠢᠯᠡᠭᠡ ᠪᠠᠷ ᠲᠠᠷᠢᠶᠠᠯᠠᠩ ᠤᠨ ᠤᠳᠣᠬᠢᠴᠢᠯᠡᠯᠲᠠ ᠶᠢᠨ ᠬᠥᠭᠵᠢᠯᠲᠠ ᠶᠢ ᠬᠦᠲᠤᠯᠤᠨ | ᠳᠠᠭᠠᠭᠤᠯᠵᠤ᠂ ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠪᠤᠷᠣᠯᠠᠭᠤᠯᠬᠤ ᠶᠢ ᠨᠢᠭᠡ | ᠴᠤᠭᠴᠠᠵᠢᠭᠤᠯᠤᠭᠰᠠᠨ ᠭᠠᠵᠠᠷ ᠰᠢᠷᠣᠢ ᠶᠢ ᠨᠡᠶᠢᠲᠡᠨ ᠬᠠᠮᠢᠶᠡᠷᠤᠭᠤᠯᠬᠤ ᠨᠡᠶᠢᠭᠡᠮᠴᠢᠯᠡᠭᠰᠡᠨ ᠦᠢᠯᠡᠴᠢᠯᠡᠭᠡ ᠶᠢ | ᠢᠳᠡᠪᠬᠢᠲᠡᠢ ᠳᠡᠯᠭᠡᠷᠡᠭᠦᠯᠤᠨ ᠬᠡᠷᠡᠭᠵᠢᠭᠦᠯᠵᠦ᠂ ᠡᠷᠴᠢᠮᠵᠢᠭᠦᠯᠦᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ᠂ | ᠪᠠᠷᠢᠮᠵᠢᠶᠡᠵᠢᠭᠤᠯᠤᠭᠰᠠᠨ ᠦᠢᠯᠡᠳᠪᠤᠷᠢᠯᠡᠯ ᠢ ᠦᠷᠨᠢᠭᠦᠯᠤᠨ᠂ ᠭᠠᠵᠠᠷ ᠰᠢᠷᠣᠢ ᠶᠢ ᠦᠨᠳᠤᠷ ᠪᠦᠲᠣᠮᠵᠢᠲᠠᠢ ᠪᠠᠷ | ᠠᠰᠢᠭᠯᠠᠬᠤ ᠶᠢ ᠪᠠᠶᠠᠯᠠᠭᠦᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠶᠢ ᠠᠬᠢᠭᠤᠯᠪᠠ᠃ | | | | ᠰᠣᠷᠪᠤᠯᠵᠢᠯᠬᠠᠴᠢ ᠬᠤᠨᠲᠤ ᠪᠠᠯᠭᠠᠰᠤ ᠶᠢᠨ ᠪᠠᠶᠠᠡᠬᠤᠯᠪᠣᠭ᠎ᠠ ᠭᠠᠴᠠᠭ᠎ᠠ ᠪᠠᠷ ᠬᠦᠷᠬᠦ ᠳᠤ᠂ ᠲᠣᠮᠣ ᠬᠡᠯᠪᠡᠷᠢ | ᠶᠢᠨ ᠡᠷᠳᠡᠨᠢ ᠰᠢᠰᠢ ᠮᠥᠯᠢᠬᠦ ᠮᠠᠰᠢᠨ ᠢ ᠦᠨᠳᠣᠷ ᠬᠤᠷᠳᠤᠴᠠ ᠪᠠᠷ ᠠᠵᠢᠯᠯᠠᠭᠤᠯᠵᠤ᠂ ᠲᠠᠷᠢᠶᠠᠨ ᠠᠴᠠ ᠡᠷᠳᠡᠨᠢ ᠰᠢᠰᠢ | ᠲᠡᠬᠡᠭᠡᠵᠦ᠂ ᠵᠢᠩᠯᠡᠭᠰᠡᠨ ᠤ ᠳᠠᠷᠷᠠᠭᠠ ᠡᠷᠦᠭᠡ ᠪᠦᠷᠢ ᠶᠢᠨ ᠡᠭᠦᠲᠡᠨ ᠳᠤ ᠬᠦᠷᠭᠡᠵᠦ ᠪᠠᠶᠢᠯ᠎ᠠ᠃ ᠪᠠᠶᠠᠡᠬᠤᠯᠪᠣᠭ᠎ᠠ | ᠭᠠᠴᠠᠭ᠎ᠠ ᠭᠠᠵᠠᠷ ᠰᠢᠷᠣᠢ ᠶᠢ ᠨᠠᠶᠢᠲᠠᠨ ᠬᠠᠮᠢᠶᠠᠷᠣᠭᠤᠯᠬᠤ ᠵᠠᠭᠪᠤᠷ ᠢ ᠲᠤᠷᠰᠢᠨ ᠬᠡᠷᠡᠭᠯᠡᠭᠡᠳ ᠢᠯᠡᠳᠲᠡ ᠰᠠᠶᠢᠨ ᠦᠷ᠎ᠡ | ᠪᠦᠳᠣᠮᠵᠢ ᠣᠯᠵᠠᠢ᠃ ᠣᠶᠢᠯᠠᠭᠠᠭᠰᠠᠨ ᠢᠶᠠᠷ᠂ ᠭᠠᠵᠠᠷ ᠰᠢᠷᠣᠢ ᠶᠢ ᠨᠠᠶᠢᠲᠠᠨ ᠬᠠᠮᠢᠶᠠᠷᠤᠭᠤᠯᠤᠭᠰᠠᠨ ᠤ ᠲᠠᠷᠠᠭ᠎ᠠ | ᠬᠤᠷᠰᠢᠶ᠎ᠠ ᠨᠢ ᠡᠪᠡᠰᠦ ᠠᠷᠢᠯᠭᠠᠬᠤ᠂ ᠪᠤᠷᠳᠤᠭᠤᠷ ᠤᠷᠤᠭᠤᠯᠬᠤ ᠪᠣᠯᠣᠨ ᠤᠰᠤᠯᠠᠬᠤ ᠵᠡᠷᠭᠡ ᠠᠵᠢᠯ ᠤᠳ ᠢ ᠪᠥᠬᠦᠨ ᠢ | ᠲᠠᠭᠠᠭᠠᠴᠢᠯᠠᠨ ᠬᠢᠵᠦ᠂ ᠲᠠᠷᠢᠶᠠᠯᠠᠩ ᠤᠨ ᠲᠤᠰᠬᠠᠢ ᠮᠡᠷᠭᠡᠵᠢᠯ ᠤᠨ ᠠᠵᠢᠯᠲᠠᠨ ᠪᠠᠰᠠ ᠮᠡᠷᠭᠡᠵᠢᠯ ᠤᠨ ᠵᠢᠯᠤᠭᠤᠳᠤᠯᠭ᠎ᠠ | ᠬᠢᠵᠤ ᠠᠷᠭ᠎ᠠ ᠤᠬᠠᠭᠠᠨ ᠭᠠᠷᠭᠠᠵᠤ ᠥᠭᠭᠦᠨ᠎ᠡ᠃ ᠨᠠᠮᠤᠷ ᠤᠨ ᠬᠤᠷᠢᠶᠠᠯᠲᠠ ᠪᠣᠯᠬᠤ ᠳᠤ᠂ ᠡᠷᠳᠡᠨᠢ ᠰᠢᠰᠢ ᠶᠢᠨ ᠮᠦ | ᠪᠦᠷᠢ ᠶᠢᠨ ᠤᠨᠠᠯᠲᠠ 1800 ᠭᠠᠷᠤᠢ ᠵᠢᠩ ᠳᠤ ᠬᠦᠷᠴᠦ᠂ ᠮᠦ ᠪᠦᠷᠢ ᠠᠴᠠ ᠨᠠᠭᠠᠲᠤ ᠵᠠᠬ᠎ᠠ ᠳᠤ ᠪᠠᠨ 900 ᠵᠢᠩ | ᠡᠷᠳᠡᠨᠢ ᠰᠢᠰᠢ ᠬᠤᠷᠢᠶᠠᠬᠤ ᠪᠣᠯᠣᠭᠰᠠᠨ ᠢᠶᠠᠷ ᠪᠠᠷᠠᠬᠤ ᠦᠭᠡᠢ᠂ ᠪᠠᠰᠠ ᠳᠠᠬᠢᠨᠳᠡ ᠠᠰᠢᠭ ᠬᠤᠪᠢᠶᠠᠬᠤ᠂ ᠡᠷᠳᠡᠨᠢ | ᠰᠢᠰᠢ ᠶᠢᠨ ᠡᠰᠢ ᠰᠦᠷᠡᠯ ᠪᠣᠯᠣᠨ ᠨᠥᠬᠦᠪᠦᠷᠢ ᠦᠭᠬᠦ ᠠᠷᠭ᠎ᠠ ᠮᠠᠶ᠋ᠢᠭ ᠢᠶᠠᠷ ᠲᠠᠮᠵᠢᠭᠤᠯᠤᠨ ᠮᠦ ᠪᠦᠷᠢ ᠳᠤ 200 | ᠭᠠᠷᠤᠢ ᠲᠦᠭᠦᠷᠢᠭ ᠤᠨ ᠣᠷᠣᠯᠭ᠎ᠠ ᠨᠡᠮᠡᠭᠳᠡᠵᠦ᠂ ᠦᠯᠡᠭᠦᠦ ᠬᠦᠳᠡᠯᠮᠦᠷᠢ ᠶᠢᠨ ᠬᠦᠴᠦᠨ ᠲᠠᠢ ᠮᠠᠯᠴᠢᠨ ᠲᠠᠷᠢᠶᠠᠴᠢᠨ | ᠪᠠᠰᠠ ᠬᠤᠷᠰᠢᠶ᠎ᠠ ᠳᠤ ᠬᠦᠯᠥᠰᠤᠨ ᠠᠵᠢᠯ ᠬᠢᠵᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠡᠢ᠃ | | | | | | | ᠮᠠᠯᠴᠢᠨ ᠲᠠᠷᠢᠶᠠᠴᠢᠨ ᠭᠠᠵᠠᠷ ᠰᠢᠷᠣᠢ ᠪᠠᠨ ᠨᠠᠶᠢᠲᠠᠨ ᠬᠠᠮᠢᠶᠠᠷᠤᠭᠤᠯᠬᠤ ᠠᠴᠠ ᠦᠨᠡᠨ ᠬᠦ ᠠᠰᠢᠭ | ᠬᠦᠷᠳᠡᠵᠠᠢ᠃ ᠭᠠᠵᠠᠷ ᠰᠢᠷᠣᠢ ᠶᠢ ᠨᠡᠶᠢᠲᠡᠨ ᠬᠠᠮᠢᠶᠡᠷᠤᠭᠤᠯᠬᠤ ᠨᠢ ᠬᠦᠳᠡᠭᠡ ᠲᠣᠰᠬᠤᠨ ᠤ ᠶᠡᠭᠡ ᠬᠡᠮᠵᠢᠶᠡᠨ ᠤ | ᠬᠦᠳᠡᠯᠮᠦᠷᠢ ᠶᠢᠨ ᠬᠦᠴᠣᠨ ᠢ ᠴᠢᠯᠦᠭᠡᠯᠡᠬᠦ ᠪᠠᠷ ᠪᠠᠷᠠᠬᠤ ᠦᠭᠡᠢ ᠮᠠᠯᠴᠢᠨ ᠲᠠᠷᠢᠶᠠᠴᠢᠳ ᠨᠡᠩ ᠤᠯᠠᠨ ᠴᠠᠭ ᠲᠠᠢ | ᠪᠣᠯᠵᠤ᠂ ᠲᠡᠵᠢᠭᠡᠨ ᠦᠷᠡᠵᠢᠭᠦᠯᠬᠦ ᠦᠢᠯᠡᠰ ᠡᠷᠬᠢᠯᠡᠬᠦ ᠪᠤᠶᠤ ᠰᠡᠳᠭᠢᠯ ᠠᠮᠤᠷ ᠭᠠᠳᠠᠭᠰᠢ ᠭᠠᠷᠴᠤ ᠠᠵᠢᠯ ᠬᠥᠳᠡᠯᠮᠦᠷᠢ | ᠬᠢᠵᠦ᠂ ᠥᠪᠡᠷ ᠤᠨ ᠦᠷᠳᠡᠭ ᠢᠶᠠᠨ ᠠᠷᠪᠢᠯᠠᠨ ᠣᠷᠣᠯᠭ᠎ᠠ ᠪᠠᠨ ᠨᠡᠮᠡᠭᠳᠡᠭᠦᠯᠬᠦ ᠨᠢ ᠶᠠᠷᠢᠶᠠᠨ ᠦᠭᠡᠢ᠃ | | | | ᠭᠠᠵᠠᠷ ᠰᠢᠷᠣᠢ ᠶᠢ ᠨᠡᠶᠢᠲᠠᠨ ᠬᠠᠮᠢᠶᠠᠷᠤᠭᠤᠯᠬᠤ ᠵᠠᠭᠪᠤᠷ ᠢ ᠳᠡᠯᠭᠡᠷᠡᠭᠦᠯᠤᠭ᠍ᠰᠡᠨ ᠨᠢ ᠠᠷᠤ ᠬᠤᠷᠴᠢᠨ | ᠬᠤᠰᠢᠭᠤᠨ ᠤ ᠲᠠᠷᠢᠶᠠᠯᠠᠩ ᠤᠨ ᠣᠳᠣᠬᠢᠴᠢᠯᠠᠯᠲᠠ ᠳᠤ ᠢᠳᠡᠪᠬᠢᠲᠠᠢ ᠠᠬᠢᠭᠤᠯᠬᠤ ᠦᠢᠯᠡᠳᠤᠯ ᠦᠵᠡᠭᠦᠯᠬᠦ ᠨᠢ ᠯᠠᠪᠲᠠᠢ | ᠶᠤᠮ᠃ ᠭᠠᠵᠠᠷ ᠰᠢᠷᠣᠢ ᠶᠢ ᠨᠡᠶᠢᠲᠠᠨ ᠬᠠᠮᠢᠶᠠᠷᠤᠭᠤᠯᠬᠤ ᠵᠬᠠᠪᠣᠷ ᠨᠢ ᠬᠦᠳᠡᠭᠡ ᠲᠣᠰᠬᠤᠨ ᠤ ᠭᠠᠵᠠᠷ ᠰᠢᠷᠣᠢ ᠶᠢ | ᠲᠠᠷᠬᠠᠢ ᠪᠤᠳᠠᠷᠬᠠᠢ ᠪᠠᠷ ᠡᠵᠡᠩᠨᠡᠬᠦ᠂ ᠦᠢᠯᠡᠣᠡᠪᠣᠷᠢᠯᠡᠯ ᠤᠨ ᠦᠷ᠎ᠡ ᠪᠦᠲᠣᠮᠵᠢ ᠳᠣᠣᠷ᠎ᠡ᠂ ᠬᠦᠳᠡᠯᠮᠦᠷᠢ ᠬᠦᠴᠤ | ᠳᠤᠲᠠᠭᠲᠠᠬᠤ ᠵᠡᠷᠭᠡ ᠳᠤᠯᠭᠠᠮ᠎ᠠ ᠠᠰᠠᠭᠤᠳᠠᠯ ᠢ ᠪᠦᠳᠣᠮᠵᠢᠳᠡᠢ ᠪᠠᠷ ᠰᠢᠢᠣᠡᠪᠣᠷᠢᠯᠡᠵᠤ᠂ ᠲᠠᠷᠢᠶᠠᠯᠠᠩ ᠤᠨ | ᠬᠡᠪᠴᠢᠶᠠᠵᠢᠭ᠍ᠰᠡᠨ᠂ ᠡᠷᠴᠢᠮᠵᠢᠭᠰᠡᠨ᠂ ᠲᠣᠰᠬᠠᠶᠢᠵᠢᠭᠰᠠᠨ ᠬᠥᠭᠵᠢᠯᠲᠠ ᠶᠢ ᠠᠬᠢᠭᠤᠯᠵᠤ ᠴᠢᠳᠠᠨ᠎ᠠ᠃ ᠬᠤᠨᠲᠤ | ᠪᠠᠯᠭᠠᠰᠤᠨ ᠤ ᠭᠠᠵᠠᠷ ᠰᠢᠷᠣᠢ ᠶᠢ ᠨᠠᠶᠢᠲᠠᠨ ᠬᠠᠮᠢᠶᠠᠷᠤᠭᠤᠯᠬᠤ ᠵᠠᠭᠪᠤᠷ ᠤᠨ ᠲᠠᠰᠤᠷᠠᠯᠲᠠ ᠦᠭᠡᠢ ᠬᠥᠭᠵᠢᠨ | ᠪᠣᠯᠪᠠᠰᠣᠷᠠᠬᠤ ᠶᠢ ᠳᠠᠭᠠᠯᠳᠤᠨ᠂ ᠨᠡᠩ ᠶᠡᠭᠡ ᠬᠡᠪᠴᠢᠶᠠᠨ ᠳᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠠᠶᠡᠯᠡᠭᠦᠯᠵᠦ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠤᠨ | ᠣᠳᠣᠬᠢᠴᠢᠯᠠᠯᠲᠠ ᠶᠢ ᠠᠬᠢᠭᠤᠯᠵᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠪᠣᠯᠤᠮᠵᠢ ᠶᠢ ᠡᠭᠦᠳᠴᠤ ᠦᠭᠴᠡᠢ᠃ | | | | ᠬᠤᠨᠳᠣ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠣᠨ ᠨᠢ ᠳ᠋ᠧᠩ ᠭᠠᠴᠠᠭ᠎ᠠ᠂ ᠣᠩᠭᠤᠡᠮᠣᠳᠣ | ᠭᠠᠴᠠᠭ᠎ᠠ᠂ ᠶᠠᠩᠽᠢ ᠭᠠᠴᠠᠭ᠎ᠠ ᠪᠣᠯᠣᠨ ᠪᠠᠶᠠᠡᠬᠤᠯᠪᠣᠭ᠎ᠠ ᠭᠠᠴᠠᠭ᠎ᠠ ᠵᠡᠷᠭᠡ ᠳᠦᠷᠪᠡᠨ ᠭᠠᠴᠠᠭ᠎ᠠ ᠶᠢ ᠮᠠᠯᠵᠢᠬᠤ | ᠲᠠᠷᠢᠶᠠᠯᠠᠬᠤ ᠣᠷᠣᠨ ᠤ ᠶᠠᠷᠤᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠠ ᠶᠢᠨ ᠲᠣᠷᠰᠢᠯᠳᠡ ᠶᠢᠨ ᠴᠡᠭ | ᠪᠣᠯᠭᠠᠨ ᠠᠳᠬᠤᠵᠤ᠂ ᠭᠠᠴᠠᠭ᠎ᠠ ᠲᠣᠰᠬᠤᠨ ᠤ ᠲᠤᠬᠠᠢ ᠶᠢᠨ ᠭᠠᠵᠠᠷ ᠤᠨ ᠣᠨᠴᠠᠯᠢᠭ ᠲᠤ ᠨᠢ ᠲᠣᠬᠢᠷᠠᠭᠤᠯᠤᠨ ᠭᠠᠵᠠᠷ | ᠰᠢᠷᠣᠢ ᠶᠢᠨ ᠨᠠᠶᠢᠲᠠᠨ ᠬᠠᠮᠢᠶᠠᠷᠤᠭᠤᠯᠬᠤ ᠦᠢᠯᠠᠴᠢᠯᠡᠭᠡ ᠶᠢ ᠬᠡᠷᠡᠭᠵᠢᠭᠦᠯᠵᠤ ᠲᠠᠷᠬᠠᠢ ᠪᠤᠳᠠᠷᠬᠠᠢ ᠭᠠᠵᠠᠷ ᠰᠢᠷᠣᠢ ᠶᠢᠨ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠡᠯᠪᠡᠭ ᠬᠤᠷᠢᠶᠠᠯᠲᠠ ᠣᠯᠬᠤ ᠶᠢ ᠪᠠᠲᠤᠯᠠᠬᠤ ᠠᠵᠢᠯ ᠢ ᠦᠷᠭᠦᠯᠵᠢᠯᠠᠨ | ᠰᠠᠶᠢᠲᠤᠷ ᠬᠢᠬᠦ ᠪᠠᠷ ᠪᠠᠶᠢᠨ᠎ᠠ᠃ ︵ᠰᠠᠶᠢᠬᠠᠡᠬᠤᠸᠠᠷ᠂ ᠤᠷᠭᠤᠮᠠᠯ︶ | | | | |