ᠣᠶᠢᠷ᠎ᠠ ᠶᠢᠨ ᠡᠳᠤᠷ᠂ ᠡᠯ᠎ᠡ ᠭᠠᠵᠠᠷ ᠣᠷᠣᠨ ᠤ ᠬᠢᠨ ᠨᠠᠮ ᠤᠨ ᠳᠣᠲᠣᠭᠠᠲᠤ ᠳᠠᠬᠢ ᠦᠵᠡᠯ ᠰᠠᠨᠠᠭ᠎ᠠ ᠪᠠᠨ | ᠴᠢᠯᠤᠭᠡᠯᠡᠬᠦ ᠲᠤᠬᠠᠢ ᠴᠢᠬᠤᠯᠠ ᠪᠢᠴᠢᠭ ᠰᠤᠷᠪᠤᠯᠵᠢ᠂ ᠲᠡᠭᠡᠲᠤ ᠱᠠᠲᠤᠨ ᠤ ᠴᠢᠬᠤᠯᠠ ᠲᠦᠷᠤ ᠶᠢᠨ ᠪᠣᠳᠣᠯᠭ᠎ᠠ᠂ | ᠪᠤᠰᠤᠳ ᠭᠠᠵᠠᠷ ᠤᠨ ᠲᠠᠷᠢᠭᠦᠨ ᠤ ᠲᠤᠷᠰᠢᠯᠭ᠎ᠠ ᠶᠢ ᠰᠣᠷᠣᠯᠴᠠᠬᠤ ᠪᠠᠷ ᠭᠤᠤᠯᠳᠠᠯᠭᠠᠳᠤ ᠠᠭᠤᠯᠭ᠎ᠠ ᠪᠣᠯᠭᠠᠵᠤ᠂ | ᠰᠢᠰᠲ᠋ᠧᠮ ᠲᠠᠢ ᠰᠣᠷᠣᠯᠴᠠᠬᠤ ᠲᠦᠯᠤᠪᠯᠡᠭᠡ ᠳᠣᠭᠳᠠᠭᠠᠨ᠂ ︽ᠳᠠᠪᠠᠭᠤᠯᠢᠭ ᠢᠶᠠᠨ ᠪᠠᠲᠠᠷᠠᠭᠤᠯᠵᠤ᠂ ᠵᠦᠷᠢᠶ᠎ᠡ ᠪᠠᠨ | ᠡᠷᠢᠵᠦ᠂ ᠬᠦᠭᠵᠢᠯᠲᠡ ᠶᠢ ᠠᠬᠢᠭᠤᠯᠬᠤ︾ ᠲᠣᠰᠬᠠᠢ ᠰᠠᠲᠤᠪᠲᠤ ᠰᠤᠳᠤᠯᠤᠨ ᠶᠠᠷᠢᠯᠴᠠᠬᠤ ᠠᠵᠢᠯᠯᠠᠭ᠎ᠠ ᠲᠠᠢ | ᠤᠶᠠᠯᠳᠤᠭᠤᠯᠵᠤ᠂ 20 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠭᠦᠨ ᠳᠠᠪᠬᠤᠷᠭ᠎ᠠ ᠶᠢᠨ | ᠵᠥᠷᠢᠴᠡᠯ ᠤᠨ ᠠᠰᠠᠭᠤᠳᠠᠯ ᠢ ᠤᠨᠣᠪᠴᠢᠲᠠᠢ ᠡᠷᠢᠵᠤ᠂ ᠴᠢᠭᠯᠡᠭᠦᠯᠦᠯᠲᠤ ᠴᠢᠨᠠᠷᠲᠠᠢ ᠠᠷᠭ᠎ᠠ ᠬᠡᠮᠵᠢᠶ᠎ᠠ ᠳᠤᠷᠠᠳᠴᠤ᠂ ︽ | ᠦᠵᠡᠯ ᠰᠠᠨᠠᠭ᠎ᠠ ᠪᠠᠨ ᠶᠡᠭᠡᠪᠡᠷ ᠴᠢᠯᠤᠭᠡᠯᠡᠬᠦ᠂ ᠠᠵᠢᠯ ᠢᠶᠠᠨ ᠶᠡᠭᠡᠪᠡᠷ ᠲᠦᠷᠭᠡᠣᠡᠭᠡᠬᠦ᠂ ᠠᠵᠤ ᠠᠬᠤᠢ ᠪᠠᠨ ᠶᠡᠬᠡᠪᠡᠷ | ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢ ᠪᠤᠳᠠᠲᠠᠢ ᠳᠤ ᠨᠡᠶᠢᠳᠠᠪᠤᠷᠢᠵᠢᠭᠤᠯᠵᠤ ᠦᠷ᠎ᠡ ᠪᠦᠲᠣᠮᠵᠢ ᠣᠯᠬᠤ ᠶᠢ | ᠠᠬᠢᠭᠤᠯᠪᠠ᠃ | ᠬᠠᠨᠰᠦ᠋ᠮ᠎ᠡ ᠰᠤᠮᠤ 12 ᠳ᠋ᠤᠭᠠᠷ ᠰᠠᠷ᠎ᠠ ᠶᠢᠨ ᠨᠠᠮ ᠤᠨ ᠬᠤᠷᠢᠶᠠᠨ ᠤ ᠤᠨᠣᠯ ᠰᠣᠷᠣᠯᠴᠠᠬᠤ ᠭᠤᠤᠯᠯᠠᠬᠤ | ᠲᠤᠭᠤᠶᠢᠯᠠᠩ ᠤᠨ ᠲᠦᠪᠯᠡᠷᠡᠭᠦᠯᠤᠨ ᠰᠤᠷᠤᠯᠴᠠᠬᠤ ᠬᠤᠷᠠᠯ ᠲᠠᠢ ᠤᠶᠠᠯᠳᠤᠭᠤᠯᠤᠨ᠂ ︽ᠦᠵᠡᠯ ᠰᠠᠨᠠᠭ᠎ᠠ ᠪᠠᠨ ᠶᠡᠭᠡᠪᠡᠷ | ᠴᠢᠯᠦᠭᠡᠯᠡᠬᠦ᠂ ᠠᠵᠢᠯ ᠢᠶᠠᠨ ᠶᠡᠭᠡᠪᠡᠷ ᠲᠦᠷᠭᠡᠣᠡᠭᠡᠬᠦ᠂ ᠠᠵᠤ ᠠᠬᠤᠢ ᠪᠠᠨ ᠶᠡᠬᠡᠪᠡᠷ ᠬᠥᠭᠵᠢᠭᠦᠯᠬᠦ︾ ᠶᠠᠷᠢᠯᠴᠠᠭᠠᠨ ᠤ | ᠠᠵᠢᠯᠯᠠᠭ᠎ᠠ ᠶᠢᠨ ᠲᠤᠰᠬᠠᠢ ᠰᠡᠲᠤᠪᠲᠤ ᠰᠤᠷᠤᠯᠴᠠᠯᠭ᠎ᠠ ᠵᠢᠴᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠷᠠᠯ ᠳᠤ ᠣᠷᠣᠯᠴᠬᠠᠰᠡᠣᠨ ᠰᠤᠮᠤᠨ ᠤ ᠬᠥᠭᠵᠢᠯᠲᠠ ᠶᠢᠨ ᠪᠣᠳᠠᠲᠤ ᠪᠠᠶᠢᠳᠠᠯ ᠪᠠ ᠲᠣᠰ ᠲᠣᠰ ᠤᠨ ᠬᠤᠪᠢᠳᠠᠨ | ᠬᠠᠮᠢᠶᠠᠷᠴᠤ ᠪᠠᠶᠢᠭ᠎ᠠ ᠠᠵᠢᠯ ᠤᠨ ᠪᠤᠳᠠᠲᠤ ᠪᠠᠶᠢᠳᠠᠯ ᠳᠤ ᠪᠠᠨ ᠰᠠᠭᠤᠷᠢᠯᠠᠨ᠂ ︽ᠳᠠᠪᠠᠭᠤᠯᠢᠭ ᠢᠶᠠᠨ ᠪᠠᠲᠠᠷᠠᠭᠤᠯᠵᠤ᠂ | ᠵᠦᠷᠢᠶ᠎ᠡ ᠪᠠᠨ ᠡᠷᠢᠵᠤ᠂ ᠬᠥᠭᠵᠢᠯᠲᠠ ᠶᠢ ᠠᠬᠢᠭᠤᠯᠬᠤ︾ ᠶᠢᠨ ᠲᠤᠭᠤᠷᠢᠨ ᠳᠤ ᠰᠤᠳᠤᠯᠤᠨ ᠶᠠᠷᠢᠯᠴᠡᠵᠦ ᠰᠠᠨᠠᠯ ᠢᠶᠠᠨ | ᠰᠤᠯᠢᠯᠴᠠᠪᠠ᠃ ᠬᠠᠨᠰᠦ᠋ᠮ᠎ᠡ ᠰᠤᠮᠤ ᠨᠢ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠴᠢᠯᠤᠭᠡᠯᠡᠵᠦ᠂ ᠦᠵᠡᠯᠲᠡ | ᠪᠠᠨ ᠬᠤᠪᠢᠷᠠᠭᠤᠯᠤᠨ᠂ ᠡᠷᠴᠢ ᠵᠣᠷᠢᠭ ᠢᠶᠠᠨ ᠬᠦᠪᠴᠢᠯᠡᠵᠦ᠂ ᠦᠵᠡᠯ ᠰᠠᠨᠠᠭᠠᠨ ᠤ ᠳᠠᠪᠬᠤᠷᠭ᠎ᠠ᠂ ᠠᠵᠢᠯ ᠤᠨ | ᠳᠠᠪᠬᠤᠷᠭ᠎ᠠ᠂ ᠬᠥᠭᠵᠢᠯᠲᠠ ᠶᠢᠨ ᠳᠠᠪᠬᠤᠷᠭ᠎ᠠ ᠵᠡᠷᠭᠡ ᠭᠤᠷᠪᠠᠨ ᠲᠠᠯ᠎ᠠ ᠶᠢᠨ ᠬᠠᠷᠠᠯᠲᠠ ᠱᠠᠭᠠᠷᠳᠠᠯᠭ᠎ᠠ ᠲᠠᠢ | ᠬᠠᠷᠭᠤᠭᠤᠯᠤᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠨᠡᠨ ᠠᠴᠠ ᠵᠥᠪ ᠢ ᠡᠷᠢᠬᠦ᠂ ᠨᠢᠭᠡᠳᠦᠯᠲᠡᠢ | ᠲᠦᠯᠤᠪᠵᠢᠭᠦᠯᠦᠨ ᠤᠶᠠᠯᠳᠤᠭᠤᠯᠬᠤ᠂ ᠪᠤᠳᠠᠲᠤ ᠦᠷ᠎ᠡ ᠪᠦᠲᠣᠮᠵᠢ ᠶᠢ ᠴᠢᠬᠤᠯᠠᠴᠢᠯᠠᠬᠤ ᠶᠢ ᠪᠠᠷᠢᠮᠳᠠᠯᠠᠵᠤ᠂ | ᠰᠤᠮᠤ ᠶᠢᠨ ᠡᠯ᠎ᠡ ᠲᠠᠯ᠎ᠠ ᠶᠢᠨ ᠠᠵᠢᠯ ᠤᠨ ᠬᠤᠪᠢᠷᠠᠯᠲᠠ ᠲᠠᠢ᠂ ᠰᠠᠶᠢᠵᠢᠷᠠᠯᠲᠠ ᠲᠠᠢ᠂ ᠲᠠᠪᠰᠢᠯᠲᠠ ᠲᠠᠢ ᠪᠣᠯᠬᠤ ᠶᠢ | ᠠᠬᠢᠭᠤᠯᠬᠤ ᠪᠣᠯᠣᠨ᠎ᠠ᠃ | ᠰᠢᠶᠠᠡᠹᠸᠡᠭ ᠰᠢᠶᠠᠩ ︽ᠳᠠᠪᠠᠭᠤᠯᠢᠭ ᠢᠶᠠᠨ ᠪᠠᠲᠠᠷᠠᠭᠤᠯᠵᠤ᠂ ᠵᠦᠷᠢᠶ᠎ᠡ ᠪᠠᠨ ᠡᠷᠢᠵᠦ᠂ ᠬᠥᠭᠵᠢᠯᠲᠠ ᠶᠢ | ᠠᠬᠢᠭᠤᠯᠬᠤ︾ ᠲᠣᠰᠬᠠᠢ ᠰᠠᠳᠤᠪᠲᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠳᠤ | ᠣᠷᠣᠯᠴᠬᠠᠰᠡᠣᠨ ᠪᠦᠬᠦ ᠰᠢᠶᠠᠩ ᠤᠨ ᠠᠵᠢᠯ ᠤᠨ ᠶᠡᠭᠡ ᠲᠠᠯ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ | ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠤᠯᠢᠯᠴᠠᠪᠠ᠃ ᠰᠢᠶᠠᠡᠹᠸᠡᠭ ᠰᠢᠶᠠᠩ ᠨᠢ ︽ᠰᠠᠭᠤᠷᠢ ᠪᠠᠨ | ᠪᠠᠬᠢᠵᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ᠂ ᠲᠦᠷᠤᠯ ᠲᠡᠮᠳᠡᠭ ᠢ ᠡᠭᠦᠳᠬᠦ᠂ ᠲᠡᠭᠡᠭᠰᠢᠯᠡᠯᠲᠠ ᠶᠢ | ᠠᠣᠡᠬᠤᠬᠤ︾ ᠪᠠᠷ ᠬᠦᠭᠵᠢᠯᠲᠡ ᠶᠢᠨ ᠰᠠᠳᠬᠢᠴᠡ ᠪᠣᠯᠭᠠᠵᠤ᠂ ᠬᠦᠳᠡᠭᠡ ᠲᠣᠰᠬᠤᠨ ᠤ ᠡᠳ᠋ ᠬᠦᠷᠤᠩᠬᠡ᠂ ᠡᠬᠢ | ᠪᠠᠶᠠᠯᠢᠭ᠂ ᠪᠡᠯᠡ ᠮᠦᠩᠬᠦ ᠶᠢ ᠰᠢᠰᠲᠮ ᠲᠠᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠠᠵᠤ ᠲᠡᠭᠦᠯᠳᠡᠷᠵᠢᠭᠦᠯᠬᠦ ᠪᠠ | ᠲᠠᠷᠢᠶᠠᠯᠠᠩ ᠤᠨ ᠪᠦᠲᠦᠭᠡᠭᠳᠡᠭᠦᠨ ᠤ ᠳᠠᠪᠠᠭᠤᠯᠢᠭ ᠣᠷᠣᠨ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ | ᠲᠦᠬᠦᠭᠡᠷᠣᠮᠵᠢᠳᠤ ᠲᠠᠷᠢᠶᠠᠯᠠᠩ᠂ ᠠᠮᠢ ᠠᠬᠤᠶᠢᠴᠢ ᠵᠢᠮᠢᠰ ᠨᠣᠭᠤᠭ᠎ᠠ᠂ ᠢᠳᠡᠰᠢᠨ ᠮᠥᠬᠦ ᠲᠠᠷᠢᠵᠤ ᠪᠣᠶᠢᠵᠢᠭᠤᠯᠬᠤ | ᠵᠡᠷᠭᠡ ᠣᠨᠴᠠᠯᠢᠭᠲᠤ ᠠᠵᠤ ᠦᠢᠯᠡᠰ ᠢ ᠨᠢᠭᠡᠳᠣᠯᠳᠡᠢ ᠲᠦᠯᠤᠪᠵᠢᠭᠦᠯᠤᠨ ᠠᠬᠢᠭᠤᠯᠵᠤ᠂ ᠬᠦᠳᠡᠭᠡ ᠲᠣᠰᠬᠤᠨ ᠤ | ᠠᠵᠤ ᠣᠶᠢᠯᠡᠰ ᠢ ᠬᠦᠭᠵᠢᠭᠦᠯᠤᠨ ᠮᠠᠨᠳᠤᠭᠤᠯᠬᠤ ᠶᠢ ᠠᠬᠢᠭᠤᠯᠤᠨ᠂ ᠲᠣᠰᠬᠤᠨ ᠤ ᠬᠠᠮᠲᠤ ᠨᠡᠶᠢᠳᠠ ᠪᠠ ᠣᠯᠠᠨ | ᠲᠦᠮᠡᠨ ᠤ ᠣᠷᠣᠯᠭ᠎ᠠ ᠪᠠᠨ ᠨᠡᠮᠡᠭᠳᠡᠭᠦᠯᠵᠤ ᠪᠡᠶᠠᠵᠢᠨ ᠴᠢᠨᠡᠭᠡᠯᠢᠭᠵᠢᠬᠦ ᠶᠢ ᠠᠬᠢᠭᠤᠯᠬᠤ ᠪᠣᠯᠣᠨ᠎ᠠ᠃ | ᠱᠤᠤ ᠪᠡᠯᠭᠠᠰᠤ ︽ᠦᠵᠡᠯ ᠰᠠᠨᠠᠭ᠎ᠠ ᠪᠠᠨ ᠶᠡᠬᠡᠪᠡᠷ ᠴᠢᠯᠤᠭᠡᠯᠡᠬᠦ᠂ ᠠᠵᠢᠯ ᠢᠶᠠᠨ ᠶᠡᠬᠡᠪᠡᠷ ᠲᠦᠷᠭᠡᠣᠡᠭᠡᠬᠦ᠂ | ᠠᠵᠤ ᠠᠬᠤᠢ ᠪᠠᠨ ᠶᠡᠭᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ | ᠦᠷᠨᠢᠭᠦᠯᠵᠤ᠂ ︽ᠲᠠᠪᠤᠨ ᠪᠠᠶᠢᠬᠤ︾ ᠠᠵᠢᠯᠯᠠᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠦᠪᠯᠠᠷᠠᠭᠦᠯᠤᠨ | ᠰᠤᠷᠤᠯᠴᠠᠬᠤ ᠪᠠ ᠰᠤᠳᠤᠯᠤᠨ ᠶᠠᠷᠢᠯᠴᠠᠬᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ | ᠬᠤᠷᠢᠶᠠᠨ ᠤ ᠣᠨᠣᠯ ᠰᠤᠷᠣᠯᠴᠠᠬᠤ ᠭᠤᠣᠯᠯᠠᠬᠤ ᠳᠤᠭᠤᠶᠢᠯᠠᠩ ᠤᠨ ᠪᠦᠷᠢᠯᠳᠤᠭᠦᠨ ᠨᠠᠷ 20 ᠲᠠᠯ᠎ᠠ ᠶᠢᠨ | ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠠ ᠲᠠᠢ | ᠪᠠᠨ ᠤᠶᠠᠯᠳᠤᠭᠤᠯᠤᠨ᠂ 14 ᠬᠤᠪᠢ ᠴᠢᠨᠠᠷ ᠰᠠᠶᠢᠲᠠᠢ ᠰᠤᠳᠤᠯᠤᠨ ᠶᠠᠷᠢᠯᠴᠠᠬᠤ ᠮᠠᠲ᠋ᠧᠷᠢᠶᠡᠯ ᠢ ᠪᠦᠷᠢᠯᠳᠦᠭᠦᠯᠪᠡ᠃ | ᠱᠤᠤ ᠪᠠᠯᠭᠠᠰᠤᠨ ᠤ ᠡᠯ᠎ᠡ ᠪᠠᠭ ᠤᠨ ᠪᠦᠷᠢᠯᠳᠦᠭᠦᠨ ᠦᠨᠳᠦᠰᠦᠨ ᠱᠠᠳᠤᠨ ᠤ ᠨᠢᠭᠡᠳᠦᠭᠡᠷ ᠹᠷᠤᠨᠲ ᠲᠤ ᠬᠦᠨᠵᠡᠭᠡᠶᠢᠷᠡᠨ | ᠂ ᠠᠵᠢᠯ ᠤᠨ ᠪᠣᠳᠡᠲᠠᠢ ᠲᠠᠢ ᠪᠠᠨ ᠨᠢᠭ᠌ᠲᠡ ᠣᠶᠠᠯᠳᠤᠭᠤᠯᠵᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ | ᠦᠷᠨᠢᠭᠦᠯᠵᠤ᠂ ᠠᠵᠢᠯ ᠤᠨ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠢ ᠣᠨᠣᠪᠴᠢᠲᠡᠢ ᠡᠷᠢᠵᠦ᠂ ᠰᠢᠨ᠎ᠡ | ᠰᠡᠳᠭᠢᠴᠡ᠂ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠬᠦᠲᠤᠯᠤᠨ ᠳᠠᠭᠠᠭᠤᠯᠬᠤ ᠳᠠᠭᠠᠨ ᠴᠢᠳᠠᠮᠠᠭᠠᠢ ᠪᠠᠶᠢᠵᠤ᠂ ᠦᠵᠡᠯ ᠰᠠᠨᠠᠭ᠎ᠠ ᠪᠠᠨ ᠴᠢᠯᠤᠭᠡᠯᠡᠨ᠂ ᠪᠦᠬᠦ ᠪᠠᠯᠭᠠᠰᠤᠨ ᠤ | ᠺᠡᠳ᠋ᠷ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠴᠢᠷᠮᠠᠶᠢᠵᠤ᠂ ᠱᠤᠤ ᠪᠠᠯᠭᠠᠰᠤᠨ ᠤ ᠡᠯ᠎ᠡ ᠲᠦᠷᠤᠯ ᠤᠨ ᠠᠵᠢᠯ | ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠲᠦᠯᠬᠢᠨ ᠠᠬᠢᠭᠤᠯᠬᠤ ᠪᠣᠯᠣᠨ᠎ᠠ᠃ | ᠰᠢᠨ ᠮᠢᠨ ᠰᠢᠶᠠᠩ ︽ᠦᠵᠡᠯ ᠰᠠᠨᠠᠭ᠎ᠠ ᠪᠠᠨ ᠶᠡᠬᠡᠪᠡᠷ ᠴᠢᠯᠦᠭᠡᠯᠡᠬᠦ᠂ ᠠᠵᠢᠯ ᠢᠶᠠᠨ ᠶᠡᠬᠡᠪᠡᠷ ᠲᠦᠷᠭᠡᠣᠡᠭᠡᠬᠦ᠂ | ᠠᠵᠤ ᠠᠬᠤᠢ ᠪᠠᠨ ᠶᠡᠭᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠰᠤᠳᠤᠯᠤᠨ ᠶᠠᠷᠢᠯᠴᠠᠬᠤ ᠬᠤᠷᠠᠯ | ᠬᠤᠷᠠᠯᠳᠤᠭᠤᠯᠵᠤ᠂ ᠬᠤᠷᠠᠯ ᠳᠤ ᠣᠷᠣᠯᠴᠬᠠᠰᠡᠣᠨ ︽ᠲᠠᠪᠠᠭᠤᠯᠢᠭ ᠢᠶᠠᠨ ᠪᠠᠲᠠᠷᠠᠭᠤᠯᠵᠤ᠂ ᠵᠥᠷᠢᠶ᠎ᠡ ᠪᠠᠨ ᠡᠷᠢᠵᠦ᠂ | ᠬᠥᠭᠵᠢᠯᠲᠠ ᠶᠢ ᠠᠬᠢᠭᠤᠯᠬᠤ︾ ᠪᠠ ︽ᠬᠤᠷᠢᠨ ᠲᠦᠪᠯᠡᠷᠡᠭᠦᠯᠬᠦ︾ ᠤᠨ ᠲᠣᠭᠤᠷᠢᠨ ᠳᠤ ᠲᠤᠬᠠᠶᠢᠯᠠᠭᠰᠠᠨ ᠠᠵᠢᠯ | ᠳᠠᠭᠠᠨ ᠰᠠᠭᠤᠷᠢᠯᠠᠨ᠂ ᠦᠵᠡᠯ ᠰᠠᠨᠠᠭ᠎ᠠ ᠪᠠᠨ ᠴᠢᠯᠤᠭᠡᠯᠡᠬᠦ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ | ᠬᠥᠭᠵᠢᠯᠲᠡ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠣᠶᠢᠯᠠᠭᠠᠯᠲᠠ ᠪᠠ ᠲᠠᠨᠢᠯᠲᠠ ᠪᠠᠨ ᠶᠠᠷᠢᠵᠤ ᠲᠦᠯᠤᠪᠯᠡᠭᠡ | ᠬᠢᠬᠦ ᠶᠢᠨ ᠬᠠᠮᠲᠤ᠂ ᠪᠥᠬᠦ ᠰᠢᠶᠠᠩ ᠤᠨ ᠨᠠᠮ ᠤᠨ ᠪᠠᠶᠢᠭᠤᠯᠤᠯᠲᠠ ᠶᠢᠨ ᠠᠵᠢᠯ᠂ ᠬᠦᠮᠤᠰ ᠤᠨ ᠣᠷᠤᠰᠢᠨ | ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠢᠳᠠᠪᠤᠷᠢᠳᠠᠨ ᠢ ᠬᠦᠮᠥᠵᠢᠭᠦᠯᠬᠦ᠂ ᠬᠠᠮᠲᠤ ᠶᠢᠨ ᠠᠵᠤ | ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠬᠤ᠂ ᠠᠵᠤ ᠦᠢᠯᠡᠰ ᠤᠨ ᠬᠥᠭᠵᠢᠯᠲᠠ᠂ ᠲᠦᠷᠤᠯ ᠵᠦᠢᠯ ᠤᠨ ᠪᠦᠳᠣᠭᠡᠨ | ᠪᠠᠶᠢᠭᠤᠯᠤᠯᠲᠠ᠂ ᠲᠣᠰᠬᠤᠨ ᠤ ᠶᠠᠪᠤᠳᠠᠯ ᠤᠨ ᠬᠠᠮᠢᠶᠡᠷᠤᠯᠲᠠ᠂ ᠬᠦᠳᠡᠭᠡ ᠲᠣᠰᠬᠤᠨ ᠤ ᠵᠠᠰᠠᠯᠲᠠ᠂ ᠰᠢᠨ᠎ᠡ | ᠬᠡᠯᠪᠡᠷᠢ ᠶᠢᠨ ᠬᠦᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠵᠡᠷᠭᠡ ᠠᠭᠤᠯᠭ᠎ᠠ ᠶᠢ ᠬᠦᠨᠵᠡᠭᠡᠢ ᠨᠠᠷᠢᠨ ᠰᠤᠳᠤᠯᠤᠨ | ᠶᠠᠷᠢᠯᠴᠠᠵᠤ᠂ ᠤᠷᠤᠰᠢᠵᠤ ᠪᠠᠶᠢᠭ᠎ᠠ ᠠᠰᠠᠭᠤᠳᠠᠯ ᠢ ᠵᠢᠭᠰᠠᠭᠠᠨ ᠭᠠᠷᠭᠠᠵᠤ᠂ ᠲᠠᠷᠠᠭᠠᠴᠢ ᠶᠢᠨ ᠠᠯᠬᠤᠮ ᠤᠨ | ᠬᠥᠭᠵᠢᠯᠲᠡ ᠶᠢᠨ ᠰᠡᠳᠭᠢᠴᠡ ᠶᠢ ᠳᠤᠷᠠᠳᠪᠡ᠃ |