ᠬᠤᠨᠳᠤ ᠪᠠᠯᠭᠠᠰᠤᠨ ᠤ ᠭᠠᠵᠠᠷ ᠰᠢᠷᠣᠢ ᠶᠢ ᠨᠠᠶᠢᠲᠠᠨ ᠬᠠᠮᠢᠶᠠᠷᠤᠭᠤᠯᠬᠤ ᠦᠢᠯᠡᠴᠢᠯᠡᠭᠡᠨ ᠤ ᠠᠵᠢᠯ ᠡᠷᠴᠢᠮᠳᠡᠢ ᠶᠠᠪᠤᠡᠡᠳᠡᠵᠤ ᠬᠦᠳᠡᠭᠡ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/12/18
       ᠣᠶᠢᠷ᠎ᠠ ᠶᠢᠨ ᠵᠢᠯ ᠳᠤ᠂ ᠬᠤᠨᠳᠣ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠰᠢᠨ᠎ᠡ ᠮᠠᠶ᠋ᠢᠭ ᠤᠨ ᠲᠠᠷᠢᠶᠡᠯᠠᠩ ᠤᠨ ᠡᠵᠡᠩᠨᠡᠯᠲᠠ ᠶᠢᠨ ᠭᠤᠣᠯ ᠴᠤᠭᠴᠠ ᠶᠢ ᠢᠳᠡᠪᠬᠢᠲᠡᠢ ᠪᠠᠷ ᠪᠣᠶᠢᠵᠢᠭᠤᠯᠤᠨ᠂ ᠲᠠᠷᠢᠶᠠᠯᠠᠩ ᠤᠨ ᠣᠶᠢᠯᠠᠳᠪᠤᠷᠢᠯᠠᠯ ᠤᠨ ᠰᠢᠨ᠎ᠡ ᠬᠡᠪ ᠵᠬᠠᠪᠣᠷ ᠢ ᠬᠠᠶᠢᠨ ᠰᠦᠪᠡᠭᠴᠢᠯᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠠᠴᠢᠯᠡᠭᠡ ᠪᠠᠷ ᠲᠠᠷᠢᠶᠠᠯᠠᠩ ᠤᠨ ᠤᠳᠣᠬᠢᠴᠢᠯᠡᠯᠲᠠ ᠶᠢᠨ ᠬᠥᠭᠵᠢᠯᠲᠠ ᠶᠢ ᠬᠦᠲᠤᠯᠤᠨ ᠳᠠᠭᠠᠭᠤᠯᠵᠤ᠂ ᠲᠠᠷᠢᠶᠠᠯᠠᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠪᠤᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠭᠠᠵᠠᠷ ᠰᠢᠷᠣᠢ ᠶᠢ ᠨᠡᠶᠢᠲᠡᠨ ᠬᠠᠮᠢᠶᠡᠷᠤᠭᠤᠯᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠳᠡᠯᠭᠡᠷᠡᠭᠦᠯᠤᠨ ᠬᠡᠷᠡᠭᠵᠢᠭᠦᠯᠵᠦ᠂ ᠡᠷᠴᠢᠮᠵᠢᠭᠦᠯᠦᠭᠰᠡᠨ ᠡᠵᠡᠩᠨᠡᠯᠲᠡ ᠶᠢ ᠲᠦᠯᠬᠢᠨ ᠠᠬᠢᠭᠤᠯᠵᠤ᠂ ᠪᠠᠷᠢᠮᠵᠢᠶᠡᠵᠢᠭᠤᠯᠤᠭᠰᠠᠨ ᠦᠢᠯᠡᠳᠪᠤᠷᠢᠯᠡᠯ ᠢ ᠦᠷᠨᠢᠭᠦᠯᠤᠨ᠂ ᠭᠠᠵᠠᠷ ᠰᠢᠷᠣᠢ ᠶᠢ ᠦᠨᠳᠤᠷ ᠪᠦᠲᠣᠮᠵᠢᠲᠠᠢ ᠪᠠᠷ ᠠᠰᠢᠭᠯᠠᠬᠤ ᠶᠢ ᠪᠠᠶᠠᠯᠠᠭᠦᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠪᠠ᠃
       ᠰᠣᠷᠪᠤᠯᠵᠢᠯᠬᠠᠴᠢ ᠬᠤᠨᠲᠤ ᠪᠠᠯᠭᠠᠰᠤ ᠶᠢᠨ ᠪᠠᠶᠠᠡᠬᠤᠯᠪᠣᠭ᠎ᠠ ᠭᠠᠴᠠᠭ᠎ᠠ ᠪᠠᠷ ᠬᠦᠷᠬᠦ ᠳᠤ᠂ ᠲᠣᠮᠣ ᠬᠡᠯᠪᠡᠷᠢ  ᠶᠢᠨ ᠡᠷᠳᠡᠨᠢ ᠰᠢᠰᠢ ᠮᠥᠯᠢᠬᠦ ᠮᠠᠰᠢᠨ ᠢ ᠦᠨᠳᠣᠷ ᠬᠤᠷᠳᠤᠴᠠ ᠪᠠᠷ ᠠᠵᠢᠯᠯᠠᠭᠤᠯᠵᠤ᠂ ᠲᠠᠷᠢᠶᠠᠨ ᠠᠴᠠ ᠡᠷᠳᠡᠨᠢ ᠰᠢᠰᠢ ᠲᠡᠬᠡᠭᠡᠵᠦ᠂ ᠵᠢᠩᠯᠡᠭᠰᠡᠨ ᠤ ᠳᠠᠷᠷᠠᠭ᠎ᠠ ᠡᠷᠦᠭᠡ ᠪᠦᠷᠢ ᠶᠢᠨ ᠡᠭᠦᠲᠡᠨ ᠳᠤ ᠬᠦᠷᠭᠡᠵᠦ ᠪᠠᠶᠢᠯ᠎ᠠ᠃ ᠪᠠᠶᠠᠡᠬᠤᠯᠪᠣᠭ᠎ᠠ ᠭᠠᠴᠠᠭ᠎ᠠ ᠭᠠᠵᠠᠷ ᠰᠢᠷᠣᠢ ᠶᠢ ᠨᠠᠶᠢᠲᠠᠨ ᠬᠠᠮᠢᠶᠠᠷᠣᠭᠤᠯᠬᠤ ᠵᠠᠭᠪᠤᠷ ᠢ ᠲᠤᠷᠰᠢᠨ ᠬᠡᠷᠡᠭᠯᠡᠭᠡᠳ ᠢᠯᠡᠳᠲᠡ ᠰᠠᠶᠢᠨ ᠦᠷ᠎ᠡ ᠪᠦᠳᠣᠮᠵᠢ ᠣᠯᠵᠠᠢ᠃ ᠣᠶᠢᠯᠠᠭᠠᠭᠰᠠᠨ ᠢᠶᠠᠷ᠂ ᠭᠠᠵᠠᠷ ᠰᠢᠷᠣᠢ ᠶᠢ ᠨᠠᠶᠢᠲᠠᠨ ᠬᠠᠮᠢᠶᠠᠷᠤᠭᠤᠯᠤᠭᠰᠠᠨ ᠤ ᠲᠠᠷᠠᠭ᠎ᠠ ᠬᠤᠷᠰᠢᠶ᠎ᠠ ᠨᠢ ᠡᠪᠡᠰᠦ ᠠᠷᠢᠯᠭᠠᠬᠤ᠂ ᠪᠤᠷᠳᠤᠭᠤᠷ ᠤᠷᠤᠭᠤᠯᠬᠤ ᠪᠣᠯᠣᠨ ᠤᠰᠤᠯᠠᠬᠤ ᠵᠡᠷᠭᠡ ᠠᠵᠢᠯ ᠤᠳ ᠢ ᠪᠥᠬᠦᠨ ᠢ ᠲᠠᠭᠠᠭᠠᠴᠢᠯᠠᠨ ᠬᠢᠵᠦ᠂ ᠲᠠᠷᠢᠶᠠᠯᠠᠩ ᠤᠨ ᠲᠤᠰᠬᠠᠢ ᠮᠡᠷᠭᠡᠵᠢᠯ ᠤᠨ ᠠᠵᠢᠯᠲᠠᠨ ᠪᠠᠰᠠ ᠮᠡᠷᠭᠡᠵᠢᠯ ᠤᠨ ᠵᠢᠯᠤᠭᠤᠳᠤᠯᠭ᠎ᠠ ᠬᠢᠵᠤ ᠠᠷᠭ᠎ᠠ ᠤᠬᠠᠭᠠᠨ ᠭᠠᠷᠭᠠᠵᠤ ᠥᠭᠭᠦᠨ᠎ᠡ᠃ ᠨᠠᠮᠤᠷ ᠤᠨ ᠬᠤᠷᠢᠶᠠᠯᠲᠠ ᠪᠣᠯᠬᠤ ᠳᠤ᠂ ᠡᠷᠳᠡᠨᠢ ᠰᠢᠰᠢ ᠶᠢᠨ ᠮᠦ ᠪᠦᠷᠢ ᠶᠢᠨ ᠤᠨᠠᠯᠲᠠ 1800 ᠭᠠᠷᠤᠢ ᠵᠢᠩ ᠳᠤ ᠬᠦᠷᠴᠦ᠂ ᠮᠦ ᠪᠦᠷᠢ ᠠᠴᠠ ᠨᠠᠭᠠᠲᠤ ᠵᠠᠬ᠎ᠠ ᠳᠤ ᠪᠠᠨ 900 ᠵᠢᠩ ᠡᠷᠳᠡᠨᠢ ᠰᠢᠰᠢ ᠬᠤᠷᠢᠶᠠᠬᠤ ᠪᠣᠯᠣᠭᠰᠠᠨ ᠢᠶᠠᠷ ᠪᠠᠷᠠᠬᠤ ᠦᠭᠡᠢ᠂ ᠪᠠᠰᠠ ᠳᠠᠬᠢᠨᠳᠡ ᠠᠰᠢᠭ ᠬᠤᠪᠢᠶᠠᠬᠤ᠂ ᠡᠷᠳᠡᠨᠢ ᠰᠢᠰᠢ ᠶᠢᠨ ᠡᠰᠢ ᠰᠦᠷᠡᠯ ᠪᠣᠯᠣᠨ ᠨᠥᠬᠦᠪᠦᠷᠢ ᠦᠭᠬᠦ ᠠᠷᠭ᠎ᠠ ᠮᠠᠶ᠋ᠢᠭ ᠢᠶᠠᠷ ᠲᠠᠮᠵᠢᠭᠤᠯᠤᠨ ᠮᠦ ᠪᠦᠷᠢ ᠳᠤ 200 ᠭᠠᠷᠤᠢ ᠲᠦᠭᠦᠷᠢᠭ ᠤᠨ ᠣᠷᠣᠯᠭ᠎ᠠ ᠨᠡᠮᠡᠭᠳᠡᠵᠦ᠂ ᠦᠯᠡᠭᠦᠦ ᠬᠦᠳᠡᠯᠮᠦᠷᠢ ᠶᠢᠨ ᠬᠦᠴᠦᠨ ᠲᠠᠢ ᠮᠠᠯᠴᠢᠨ ᠲᠠᠷᠢᠶᠠᠴᠢᠨ ᠪᠠᠰᠠ ᠬᠤᠷᠰᠢᠶ᠎ᠠ ᠳᠤ ᠬᠦᠯᠥᠰᠤᠨ ᠠᠵᠢᠯ ᠬᠢᠵᠤ᠂ ᠣᠷᠣᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠵᠡᠢ᠃
       ᠮᠠᠯᠴᠢᠨ ᠲᠠᠷᠢᠶᠠᠴᠢᠨ ᠭᠠᠵᠠᠷ ᠰᠢᠷᠣᠢ ᠪᠠᠨ ᠨᠠᠶᠢᠲᠠᠨ ᠬᠠᠮᠢᠶᠠᠷᠤᠭᠤᠯᠬᠤ ᠠᠴᠠ ᠦᠨᠡᠨ ᠬᠦ ᠠᠰᠢᠭ ᠬᠦᠷᠳᠡᠵᠠᠢ᠃ ᠭᠠᠵᠠᠷ ᠰᠢᠷᠣᠢ ᠶᠢ ᠨᠡᠶᠢᠲᠡᠨ ᠬᠠᠮᠢᠶᠡᠷᠤᠭᠤᠯᠬᠤ ᠨᠢ ᠬᠦᠳᠡᠭᠡ ᠲᠣᠰᠬᠤᠨ ᠤ ᠶᠡᠭᠡ ᠬᠡᠮᠵᠢᠶᠡᠨ ᠤ ᠬᠦᠳᠡᠯᠮᠦᠷᠢ ᠶᠢᠨ ᠬᠦᠴᠣᠨ ᠢ ᠴᠢᠯᠦᠭᠡᠯᠡᠬᠦ ᠪᠠᠷ ᠪᠠᠷᠠᠬᠤ ᠦᠭᠡᠢ ᠮᠠᠯᠴᠢᠨ ᠲᠠᠷᠢᠶᠠᠴᠢᠳ ᠨᠡᠩ ᠤᠯᠠᠨ ᠴᠠᠭ ᠲᠠᠢ ᠪᠣᠯᠵᠤ᠂ ᠲᠡᠵᠢᠭᠡᠨ ᠦᠷᠡᠵᠢᠭᠦᠯᠬᠦ ᠦᠢᠯᠡᠰ ᠡᠷᠬᠢᠯᠡᠬᠦ ᠪᠤᠶᠤ ᠰᠡᠳᠭᠢᠯ ᠠᠮᠤᠷ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ᠂ ᠥᠪᠡᠷ ᠤᠨ ᠦᠷᠳᠡᠭ ᠢᠶᠠᠨ ᠠᠷᠪᠢᠯᠠᠨ ᠣᠷᠣᠯᠭ᠎ᠠ ᠪᠠᠨ ᠨᠡᠮᠡᠭᠳᠡᠭᠦᠯᠬᠦ ᠨᠢ ᠶᠠᠷᠢᠶᠠᠨ ᠦᠭᠡᠢ᠃
       ᠭᠠᠵᠠᠷ ᠰᠢᠷᠣᠢ ᠶᠢ ᠨᠡᠶᠢᠲᠠᠨ ᠬᠠᠮᠢᠶᠠᠷᠤᠭᠤᠯᠬᠤ ᠵᠠᠭᠪᠤᠷ ᠢ ᠳᠡᠯᠭᠡᠷᠡᠭᠦᠯᠤᠭ᠍ᠰᠡᠨ ᠨᠢ ᠠᠷᠤ ᠬᠤᠷᠴᠢᠨ ᠬᠤᠰᠢᠭᠤᠨ ᠤ ᠲᠠᠷᠢᠶᠠᠯᠠᠩ ᠤᠨ ᠣᠳᠣᠬᠢᠴᠢᠯᠠᠯᠲᠠ ᠳᠤ ᠢᠳᠡᠪᠬᠢᠲᠠᠢ ᠠᠬᠢᠭᠤᠯᠬᠤ ᠦᠢᠯᠡᠳᠤᠯ ᠦᠵᠡᠭᠦᠯᠬᠦ ᠨᠢ ᠯᠠᠪᠲᠠᠢ ᠶᠤᠮ᠃ ᠭᠠᠵᠠᠷ ᠰᠢᠷᠣᠢ ᠶᠢ ᠨᠡᠶᠢᠲᠠᠨ ᠬᠠᠮᠢᠶᠠᠷᠤᠭᠤᠯᠬᠤ ᠵᠬᠠᠪᠣᠷ ᠨᠢ ᠬᠦᠳᠡᠭᠡ ᠲᠣᠰᠬᠤᠨ ᠤ ᠭᠠᠵᠠᠷ ᠰᠢᠷᠣᠢ ᠶᠢ ᠲᠠᠷᠬᠠᠢ ᠪᠤᠳᠠᠷᠬᠠᠢ ᠪᠠᠷ ᠡᠵᠡᠩᠨᠡᠬᠦ᠂ ᠦᠢᠯᠡᠣᠡᠪᠣᠷᠢᠯᠡᠯ ᠤᠨ ᠦᠷ᠎ᠡ ᠪᠦᠲᠣᠮᠵᠢ ᠳᠣᠣᠷ᠎ᠡ᠂ ᠬᠦᠳᠡᠯᠮᠦᠷᠢ ᠬᠦᠴᠤ ᠳᠤᠲᠠᠭᠲᠠᠬᠤ ᠵᠡᠷᠭᠡ ᠳᠤᠯᠭᠠᠮ᠎ᠠ ᠠᠰᠠᠭᠤᠳᠠᠯ ᠢ ᠪᠦᠳᠣᠮᠵᠢᠳᠡᠢ ᠪᠠᠷ ᠰᠢᠢᠣᠡᠪᠣᠷᠢᠯᠡᠵᠤ᠂ ᠲᠠᠷᠢᠶᠠᠯᠠᠩ ᠤᠨ ᠬᠡᠪᠴᠢᠶᠠᠵᠢᠭ᠍ᠰᠡᠨ᠂ ᠡᠷᠴᠢᠮᠵᠢᠭᠰᠡᠨ᠂ ᠲᠣᠰᠬᠠᠶᠢᠵᠢᠭᠰᠠᠨ ᠬᠥᠭᠵᠢᠯᠲᠠ ᠶᠢ ᠠᠬᠢᠭᠤᠯᠵᠤ ᠴᠢᠳᠠᠨ᠎ᠠ᠃ ᠬᠤᠨᠲᠤ ᠪᠠᠯᠭᠠᠰᠤᠨ ᠤ ᠭᠠᠵᠠᠷ ᠰᠢᠷᠣᠢ ᠶᠢ ᠨᠠᠶᠢᠲᠠᠨ ᠬᠠᠮᠢᠶᠠᠷᠤᠭᠤᠯᠬᠤ ᠵᠠᠭᠪᠤᠷ ᠤᠨ ᠲᠠᠰᠤᠷᠠᠯᠲᠠ ᠦᠭᠡᠢ ᠬᠥᠭᠵᠢᠨ ᠪᠣᠯᠪᠠᠰᠣᠷᠠᠬᠤ ᠶᠢ ᠳᠠᠭᠠᠯᠳᠤᠨ᠂ ᠨᠡᠩ ᠶᠡᠭᠡ ᠬᠡᠪᠴᠢᠶᠠᠨ ᠳᠤ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠠᠶᠡᠯᠡᠭᠦᠯᠵᠦ᠂ ᠠᠷᠤ ᠬᠤᠷᠴᠢᠨ ᠬᠤᠰᠢᠭᠤᠨ ᠤ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠵᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠣᠯᠤᠮᠵᠢ ᠶᠢ ᠡᠭᠦᠳᠴᠤ ᠦᠭᠴᠡᠢ᠃
       ᠬᠤᠨᠳᠣ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠣᠨ ᠨᠢ ᠳ᠋ᠧᠩ ᠭᠠᠴᠠᠭ᠎ᠠ᠂ ᠣᠩᠭᠤᠡᠮᠣᠳᠣ ᠭᠠᠴᠠᠭ᠎ᠠ᠂ ᠶᠠᠩᠽᠢ ᠭᠠᠴᠠᠭ᠎ᠠ ᠪᠣᠯᠣᠨ ᠪᠠᠶᠠᠡᠬᠤᠯᠪᠣᠭ᠎ᠠ ᠭᠠᠴᠠᠭ᠎ᠠ ᠵᠡᠷᠭᠡ ᠳᠦᠷᠪᠡᠨ ᠭᠠᠴᠠᠭ᠎ᠠ ᠶᠢ ᠮᠠᠯᠵᠢᠬᠤ ᠲᠠᠷᠢᠶᠠᠯᠠᠬᠤ ᠣᠷᠣᠨ ᠤ ᠶᠠᠷᠤᠩᠬᠡᠶᠢᠯᠡᠭᠰᠡᠨ ᠬᠠᠮᠲᠤᠷᠠᠯᠴᠠᠭᠠᠨ ᠤ ᠥᠭᠡᠷᠡᠴᠢᠯᠡᠯᠲᠠ ᠶᠢᠨ ᠲᠣᠷᠰᠢᠯᠳᠡ ᠶᠢᠨ ᠴᠡᠭ ᠪᠣᠯᠭᠠᠨ ᠠᠳᠬᠤᠵᠤ᠂ ᠭᠠᠴᠠᠭ᠎ᠠ ᠲᠣᠰᠬᠤᠨ ᠤ ᠲᠤᠬᠠᠢ ᠶᠢᠨ ᠭᠠᠵᠠᠷ ᠤᠨ ᠣᠨᠴᠠᠯᠢᠭ ᠲᠤ ᠨᠢ ᠲᠣᠬᠢᠷᠠᠭᠤᠯᠤᠨ ᠭᠠᠵᠠᠷ ᠰᠢᠷᠣᠢ ᠶᠢᠨ ᠨᠠᠶᠢᠲᠠᠨ ᠬᠠᠮᠢᠶᠠᠷᠤᠭᠤᠯᠬᠤ ᠦᠢᠯᠠᠴᠢᠯᠡᠭᠡ ᠶᠢ ᠬᠡᠷᠡᠭᠵᠢᠭᠦᠯᠵᠤ ᠲᠠᠷᠬᠠᠢ ᠪᠤᠳᠠᠷᠬᠠᠢ ᠭᠠᠵᠠᠷ ᠰᠢᠷᠣᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠡᠯᠪᠡᠭ ᠬᠤᠷᠢᠶᠠᠯᠲᠠ ᠣᠯᠬᠤ ᠶᠢ ᠪᠠᠲᠤᠯᠠᠬᠤ ᠠᠵᠢᠯ ᠢ ᠦᠷᠭᠦᠯᠵᠢᠯᠠᠨ ᠰᠠᠶᠢᠲᠤᠷ ᠬᠢᠬᠦ ᠪᠠᠷ ᠪᠠᠶᠢᠨ᠎ᠠ᠃ ︵ᠰᠠᠶᠢᠬᠠᠡᠬᠤᠸᠠᠷ᠂ ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号