︽ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠬᠦ᠂ ᠠᠵᠢᠯ ᠢᠶᠠᠨ ᠶᠡᠬᠡᠪᠡᠷ ᠲᠦᠷᠭᠡᠳᠬᠡᠬᠦ᠂ ᠠᠵᠤ ᠠᠬᠤᠶ ᠪᠠᠨ | ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠬᠦ ᠶᠢᠨ ᠲᠥᠯᠥᠭᠡ᠂ 12 ᠰᠠᠷ᠎ᠠ ᠶᠢᠨ 19 ᠤ ᠡᠳᠦᠷ᠂ ᠬᠤᠰᠢᠭᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠡᠮᠵᠢᠯᠲᠡ ᠳᠤ ᠭᠡᠮ ᠬᠢᠬᠦ ᠠᠴᠠ ᠰᠡᠷᠭᠡᠶᠢᠯᠡᠬᠦ ᠬᠠᠤᠯᠢ ᠬᠡᠷᠡᠭᠵᠢᠭᠦᠯᠦᠯᠲᠡ ᠶᠢᠨ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠵᠦ᠂ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠮᠡᠷᠭᠡᠵᠢᠯ ᠤᠨ | ᠥᠷᠢᠰᠥᠯᠳᠦᠭᠡᠨ ᠪᠠ ᠵᠠᠬ᠎ᠠ ᠳᠡᠯᠭᠡᠭᠦᠷ ᠤᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠠᠷᠭᠠᠴᠠᠭᠠᠨ᠂ ᠰᠢᠯᠭᠠᠨ | ᠪᠠᠶᠢᠴᠠᠭᠠᠬᠤ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠬᠡᠮᠵᠢᠯᠲᠡ ᠶᠢᠨ ᠵᠠᠬ᠎ᠠ ᠳᠡᠯᠭᠡᠭᠦᠷ ᠤᠨ ᠡᠷᠬᠡ ᠳᠡᠭᠰᠢ ᠡᠮᠬᠢ ᠵᠢᠷᠤᠮ ᠢ ᠦᠨᠡᠨ ᠬᠦ ᠰᠠᠬᠢᠨ ᠬᠠᠮᠠᠭᠠᠯᠠᠵᠤ᠂ ᠰᠤᠷᠲᠠᠯ | ᠴᠢᠬᠡᠴᠢ ᠣᠪᠣᠷ ᠲᠥᠪ ᠬᠡᠷᠡᠭᠯᠡᠭᠡᠨ ᠤ ᠣᠷᠴᠢᠨ ᠨᠥᠬᠦᠴᠡᠯ ᠢ ᠪᠣᠢ ᠪᠣᠯᠭᠠᠨ᠂ ᠠᠷᠤ ᠬᠤᠷᠴᠢᠨ ᠬᠤᠰᠢᠭᠤᠨ ᠤ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃ | | | | | | ᠲᠤᠰ ᠤᠳᠠᠭᠠᠨ ᠤ ᠪᠣᠯᠪᠠᠰᠤᠷᠠᠯ ᠨᠢ ᠬᠢᠴᠢᠶᠡᠯ ᠬᠤᠷᠠᠯ ᠪᠠ ᠪᠣᠳᠠᠲᠤ ᠦᠢᠯᠡᠳᠣᠯᠭᠡ ᠭᠡᠬᠦ ᠬᠤᠶᠠᠷ | ᠵᠦᠢᠯ ᠤᠨ ᠠᠷᠭ᠎ᠠ ᠮᠠᠶ᠋ᠢᠭ ᠢᠶᠠᠷ ᠶᠠᠪᠤᠭᠳᠠᠪᠠ᠃ ᠬᠡᠮᠵᠢᠯᠲᠡ ᠳᠤ ᠬᠡᠮ ᠬᠢᠬᠦ ᠠᠴᠠ ᠰᠡᠷᠭᠡᠶᠢᠯᠡᠬᠦ ᠣᠨᠣᠯ ᠤᠨ | ᠮᠡᠳᠡᠯᠭᠡ ᠶᠢᠨ ᠪᠣᠯᠪᠠᠰᠤᠷᠠᠯ ᠤᠨ ᠳᠠᠷᠠᠭ᠎ᠠ᠂ ᠪᠣᠯᠪᠠᠰᠤᠷᠠᠯ ᠳᠤ ᠣᠷᠣᠯᠴᠠᠭᠰᠠᠳ ᠤᠷᠢᠳ ᠬᠤᠵᠢᠳ ᠳᠤᠮᠳᠠᠳᠤ | ᠤᠯᠤᠰ ᠤᠨ ᠴᠢᠯᠠᠭᠤᠨ ᠲᠣᠰᠣᠨ ᠤ ᠪᠠᠷᠠᠭᠤᠨ ᠲᠡᠭᠦᠷᠭᠡ ᠶᠢᠨ ᠲᠣᠰᠣ ᠨᠡᠮᠡᠬᠦ ᠥᠷᠲᠡᠭᠡ᠂ ᠵᠡᠭᠦᠨ ᠠᠭᠤᠯᠠ ᠶᠢᠨ | ᠨᠡᠭᠦᠷᠡᠰᠦᠨ ᠤ ᠵᠠᠬ᠎ᠠ ᠳᠡᠯᠭᠡᠭᠦᠷ ᠪᠠ ᠬᠤᠰᠢᠭᠤᠨ ᠤ ᠦᠢᠯᠡᠣᠡᠭᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ | ᠭᠠᠵᠠᠷ ᠲᠤ ᠬᠦᠷᠴᠦ᠂ ᠲᠣᠰᠣ ᠨᠠᠮᠡᠬᠦ ᠮᠠᠰᠢᠨ᠂ ᠡᠯᠧᠺᠲᠷᠣᠨ ᠮᠠᠰᠢᠨ ᠲᠡᠷᠭᠡᠨ ᠤ ᠵᠢᠩᠯᠡᠭᠦᠷ ᠪᠠ ᠡᠯᠧᠺᠲᠷᠣᠨ ᠦᠨ᠎ᠡ | ᠪᠣᠳᠣᠬᠤ ᠵᠢᠩᠯᠡᠭᠦᠷ ᠢ ᠲᠤᠬᠠᠶ ᠶᠢᠨ ᠭᠠᠵᠠᠷ ᠲᠤᠨᠢ ᠰᠠᠯᠭᠠᠨ ᠵᠠᠳᠠᠯᠬᠤ ᠬᠢᠴᠢᠶᠡᠯ ᠢᠶᠠᠷ ᠳᠠᠮᠵᠢᠨ ᠲᠡᠳᠡᠭᠡᠷ ᠤᠨ | ᠪᠦᠲᠦᠴᠡ ᠪᠠ ᠣᠭ ᠶᠣᠰᠣ ᠢ ᠲᠠᠨᠢᠵᠤ᠂ ᠦᠷᠭᠦᠯᠵᠢ ᠲᠣᠬᠢᠶᠠᠯᠳᠤᠳᠠᠭ ᠭᠡᠮ ᠬᠢᠬᠦ ᠵᠠᠯᠢ ᠮᠡᠭᠡ ᠶᠢ ᠲᠠᠨᠢᠵᠤ | ᠢᠯᠡᠷᠡᠭᠦᠯᠬᠦ᠂ ᠲᠤᠬᠠᠶ ᠶᠢᠨ ᠲᠠᠯᠠᠪᠠᠢ ᠳᠤ ᠪᠠᠶᠢᠴᠠᠭᠠᠯᠳᠡ ᠬᠢᠵᠦ ᠭᠡᠷᠡᠴᠢ ᠠᠪᠬᠤ᠂ ᠬᠠᠤᠯᠢ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠨᠠᠷ ᠤᠨ ᠲᠣᠭᠲᠠᠭᠠᠯᠲᠠ ᠬᠢᠬᠦ ᠪᠠ ᠬᠠᠤᠯᠢ ᠴᠠᠭᠠᠵᠠ ᠶᠢ ᠬᠡᠷᠡᠭᠵᠢᠭᠦᠯᠬᠦ ᠳᠤ ᠨᠠᠩ ᠭᠦᠨ ᠳᠡᠰ | ᠳᠠᠪᠬᠤᠷᠭ᠎ᠠ ᠶᠢᠨ ᠣᠶᠢᠯᠠᠭᠠᠯᠲᠠ ᠲᠠᠢ ᠪᠣᠯᠵᠠᠶ᠃ | | | | | | ᠬᠡᠮᠵᠢᠯᠲᠡ ᠶᠢᠨ ᠬᠠᠤᠯᠢ ᠬᠡᠷᠡᠭᠵᠢᠭᠦᠯᠦᠯᠲᠡ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠴᠢᠬᠤᠯᠠ ᠬᠦᠴᠦᠨ ᠪᠣᠯᠤᠭᠰᠠᠨ ᠤ ᠬᠤᠪᠢ ᠳᠤ᠂ ᠬᠦᠨᠳᠦ ᠶᠡᠭᠡ ᠪᠥᠭᠡᠳ ᠢᠷᠠᠭᠤ ᠠᠯᠳᠠᠷᠲᠠᠶ ᠬᠠᠷᠢᠭᠤᠴᠠᠯᠭ᠎ᠠ ᠶᠢ | ᠡᠭᠦᠷᠭᠡᠯᠡᠵᠦ ᠪᠠᠶᠢᠳᠠᠭ᠃ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠤᠨ᠂ ᠦᠨᠳᠦᠰᠦᠨ ᠱᠠᠳᠤᠨ ᠤ | ᠨᠢᠭᠡᠳᠦᠭᠡᠷ ᠹᠷᠣᠨᠲ ᠤᠨ ᠬᠡᠮᠵᠢᠯᠲᠡ ᠶᠢᠨ ᠬᠢᠨᠠᠨ ᠬᠠᠮᠢᠶᠠᠷᠤᠯᠲᠠ ᠶᠢᠨ ᠠᠵᠢᠯᠲᠠᠨ ᠤ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠶᠢ ᠲᠦᠷᠭᠡᠨ ᠢᠯᠭᠠᠨ ᠲᠠᠨᠢᠬᠤ ᠴᠢᠳᠠᠪᠤᠷᠢ ᠪᠠ ᠬᠠᠤᠯᠢ ᠬᠡᠷᠡᠭᠵᠢᠭᠦᠯᠦᠯᠲᠡ ᠶᠢᠨ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠬᠡᠮᠵᠢᠯᠲᠡ ᠳᠤ ᠭᠡᠮ ᠬᠢᠬᠦ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠵᠠᠬ᠎ᠠ ᠳᠡᠯᠭᠡᠭᠦᠷ ᠤᠨ ᠬᠡᠮᠵᠢᠯᠲᠡ ᠶᠢᠨ ᠡᠮᠬᠢ ᠳᠢᠭᠯᠢᠮ ᠢ ᠬᠠᠮᠠᠭᠠᠯᠠᠨ᠂ ᠡᠷᠬᠡ ᠲᠡᠭᠰᠢ | ᠲᠦᠪ ᠭᠤᠤᠯᠴᠢ᠂ ᠠᠮᠤᠷ ᠲᠦᠪᠰᠢᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ | ᠪᠣᠯᠭᠠᠬᠤ ᠳᠤ ᠬᠦᠴᠦᠨ ᠴᠢᠳᠠᠯ ᠢᠶᠠᠨ ᠡᠷᠭᠦᠪᠡ᠃ ︵ᠯᠢᠦ ᠰᠢᠨ ᠲᠢᠩ︶ | | | | |