ᠠᠷᠤ ᠬᠤᠷᠴᠢᠨ ᠬᠤᠰᠢᠭᠤᠨ ᠤ ᠰᠢᠨ ᠮᠢᠨ ᠰᠢᠶᠠᠩ ᠤᠨ ᠼᠣᠣ ᠵᠸᠦ ᠪᠤᠤ ᠲᠣᠰᠬᠤᠨ ᠳᠤ ᠬᠦᠷᠬᠦ ᠳᠤ᠂ | ︽ᠵᠢᠷᠭᠠᠯᠲᠤ ᠬᠤᠭᠤᠯᠠᠨ ᠭᠡᠷ︾ ᠪᠠᠶᠠᠷ ᠬᠦᠷ ᠢᠶᠠᠷ ᠪᠢᠯᠬᠠᠵᠤ᠂ ᠲᠣᠰᠬᠤᠨ ᠤ 20 ᠭᠠᠷᠤᠢ ᠨᠠᠰᠤᠲᠠᠨ ᠬᠤᠭᠤᠯᠠᠨ | ᠰᠢᠷᠡᠭᠡ ᠶᠢ ᠲᠣᠭᠤᠷᠢᠨ ᠰᠠᠶ᠋ᠢᠬᠠᠨ ᠲᠣᠭᠤᠭᠠᠨ ᠠᠴᠠ ᠭᠠᠷᠭᠠᠭᠰᠠᠨ ᠬᠤᠭᠤᠯᠠ ᠶᠢ ᠠᠮᠲᠠᠷᠬᠠᠨ ᠢᠳᠡᠵᠦ᠂ ᠰᠠᠶᠢᠬᠠᠨ | ᠵᠣᠭᠤᠭ ᠳᠡᠯᠭᠡᠨ᠎ᠡ᠃ ︽ᠵᠢᠷᠭᠠᠯᠲᠤ ᠬᠤᠭᠤᠯᠠᠨ ᠬᠡᠷ︾ ᠢ 2023 ᠣᠨ ᠤ 9 ᠰᠠᠷ᠎ᠠ ᠳᠤ ᠡᠬᠢᠯᠡᠨ ᠪᠠᠶᠢᠭᠤᠯᠵᠤ᠂ | ᠪᠥᠬᠦ ᠲᠣᠰᠬᠤᠨ ᠳᠤ ᠨᠡᠭᠡᠭᠡᠯᠲᠡ ᠬᠢᠵᠦ᠂ 75 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠠᠴᠠ ᠤᠳᠠᠭ᠎ᠠ | ᠪᠦᠷᠢ ᠳᠤ ᠬᠤᠭᠤᠯᠠᠨ ᠰᠦᠢᠳᠬᠡᠯ ᠬᠤᠷᠢᠶᠠᠬᠤ ᠥᠬᠡᠶ ᠪᠠᠶᠢᠵᠤ᠂ ᠲᠣᠰᠬᠤᠨ ᠤ ᠪᠤᠰᠤᠳ ᠠᠷᠠᠳ ᠵᠥᠪᠬᠡᠨ | ᠥᠪᠡᠷ ᠤᠨ ᠥᠷᠲᠡᠭ ᠤᠨ ᠦᠨ᠎ᠡ ᠲᠤᠰᠢᠶᠠᠪᠠᠯ ᠪᠣᠯᠴᠢᠬᠠᠨ᠎ᠠ᠃ ᠠᠮᠲᠠᠲᠤ ᠢᠳᠡᠭᠡᠨ ᠢᠳᠡᠭᠰᠡᠨ ᠤ ᠳᠠᠷᠠᠭ᠎ᠠ᠂ | ᠣᠯᠠᠨ ᠢᠶᠠᠷ ᠢᠶᠠᠨ ᠪᠠᠰᠠ ᠬᠠᠮᠲᠤ ᠪᠠᠷ ᠳᠠᠭᠤᠤ ᠳᠠᠭᠤᠯᠠᠵᠤ᠂ ᠲᠧᠯᠸᠢᠰ ᠦᠵᠡᠵᠦ᠂ ᠰᠢᠲᠠᠷ᠎ᠠ ᠨᠠᠭᠠᠳᠴᠤ᠂ ᠨᠣᠮ | ᠦᠵᠡᠨ᠂ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠵᠤ ᠪᠣᠯᠤᠨ᠎ᠠ᠃ | ︽ᠵᠢᠷᠭᠠᠯᠲᠤ ᠬᠤᠭᠤᠯᠠᠨ ᠬᠡᠷ︾ ᠨᠡᠭᠡᠭᠡᠨ ᠡᠷᠬᠢᠯᠡᠬᠦ ᠪᠣᠯ ᠬᠥᠳᠡᠭᠡ ᠲᠣᠰᠬᠤᠨ ᠤ ᠬᠡᠷ ᠲᠡᠭᠡᠨ ᠨᠠᠰᠤᠵᠢᠯ ᠤᠨ | ᠠᠰᠠᠷᠠᠮᠵᠢ ᠬᠦᠷᠲᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠶᠢᠩᠭᠤ ᠲᠣᠬᠢᠶᠠᠯᠳᠤᠳᠠᠭ ᠬᠡᠪ ᠵᠠᠭᠪᠤᠷ ᠮᠥᠨ᠂ | ᠼᠣᠣ ᠵᠸᠦ ᠪᠤᠤ ᠲᠣᠰᠬᠤᠨ ᠤ ᠬᠠᠮᠲᠤ ᠶᠢᠨ ᠠᠵᠤ ᠠᠬᠤᠶ ᠵᠢᠯ ᠪᠦᠷᠢ 150 ᠭᠠᠷᠤᠶ ᠲᠦᠮᠡᠨ ᠲᠥᠭᠦᠷᠢᠭ ᠤᠨ | ᠣᠷᠣᠯᠭ᠎ᠠ ᠲᠠᠢ ᠪᠠᠶᠢᠵᠤ᠂ ᠲᠣᠰᠬᠤᠨ ᠤ ᠡᠯ᠎ᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠢ ᠰᠠᠶᠢᠲᠤᠷ | ᠬᠢᠬᠦ ᠳᠤ ᠡᠬᠢ ᠰᠤᠷᠪᠤᠯᠵᠢ ᠬᠠᠩᠭᠠᠪᠠ᠃ 2021 ᠣᠨ ᠠᠴᠠ ᠡᠬᠢᠯᠡᠨ᠂ ᠰᠢᠨ ᠮᠢᠨ ᠰᠢᠶᠠᠩ ᠤᠷᠢᠳ ᠢᠶᠠᠷ | ᠲᠤᠷᠰᠢᠯᠲᠠ ᠬᠢᠬᠦ ᠬᠡᠯᠪᠡᠷᠢ ᠪᠠᠷ ︽ᠭᠤᠷᠪᠠᠨ ᠪᠡᠯᠡ︾ ᠶᠢ ᠢᠯᠭᠠᠷᠠᠭᠤᠯᠵᠤ᠂ ᠭᠡᠷ᠎ᠡ ᠶᠢᠨ ᠬᠤᠭᠤᠴᠠᠭ᠎ᠠ ᠨᠢ | ᠲᠤᠯᠤᠭᠰᠠᠨ᠂ ᠭᠡᠷ᠎ᠡ ᠶᠢᠨ ᠲᠣᠭᠲᠠᠭᠠᠯ ᠲᠠᠯᠠᠪᠠᠢ ᠠᠴᠠ ᠳᠠᠪᠠᠭᠰᠠᠨ ᠭᠠᠵᠠᠷ ᠰᠢᠷᠣᠢ ᠶᠢᠨ ᠡᠬᠢ ᠪᠠᠶᠠᠯᠢᠭ ᠨᠡᠶᠢᠳᠡ | 3.3 ᠲᠦᠮᠡᠨ ᠮᠦ ᠳᠤ ᠬᠦᠷᠴᠦ᠂ 674.1 ᠲᠦᠮᠡᠨ ᠲᠥᠭᠦᠷᠢᠭ ᠤᠨ ᠳᠠᠭᠠᠭᠠᠴᠢᠯᠠᠯᠲᠠ ᠶᠢᠨ ᠰᠦᠢᠳᠬᠡᠯ | ᠲᠤᠰᠢᠶᠠᠵᠤ᠂ ᠡᠯ᠎ᠡ ᠲᠣᠰᠬᠤᠨ ᠤ ᠬᠠᠮᠲᠤ ᠶᠢᠨ ᠠᠵᠤ ᠠᠬᠤᠢ ᠳᠤ ᠳᠤᠮᠳᠠᠴᠢ ᠪᠠᠷ 10 ᠲᠦᠮᠡ ᠭᠠᠷᠤᠢ | ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃ ᠡᠭᠦᠨ ᠤ ᠬᠠᠮᠲᠤ᠂ ᠡᠬᠢ ᠪᠠᠶᠠᠯᠢᠭ ᠡᠳ᠋ ᠬᠥᠷᠥᠩᠭᠡ ᠶᠢᠨ ᠲᠣᠮᠣ | ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠳᠤ ᠰᠢᠨ᠎ᠡ ᠶᠢ ᠡᠭᠦᠳᠴᠦ᠂ ᠤᠯᠤᠰ ᠤᠨ ᠥᠮᠴᠢᠯᠡᠯᠲᠦ ︽ᠬᠥᠳᠡᠭᠡ | ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠺᠣᠮᠫᠠᠨᠢ ᠶᠢ ᠪᠠᠶᠢᠭᠤᠯᠵᠤ᠂ ᠬᠥᠳᠡᠭᠡ ᠲᠣᠰᠬᠤᠨ ᠤ ᠭᠠᠵᠠᠷ | ᠰᠢᠷᠣᠶ ᠶᠢᠨ ᠡᠷᠭᠢᠯᠲᠡ ᠶᠢᠨ ᠦᠨ᠎ᠡ ᠬᠠᠩᠰᠢ ᠢᠯᠡ ᠪᠤᠰᠤ᠂ ᠲᠥᠪᠯᠡᠷᠡᠩᠭᠦᠶ ᠬᠡᠪᠴᠢᠶᠡᠲᠦ ᠡᠷᠭᠢᠯᠲᠡ ᠳᠤ ᠬᠦᠴᠢᠷᠲᠡᠶ᠂ | ᠬᠠᠮᠲᠤ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠦᠨ᠎ᠡ ᠬᠠᠩᠰᠢ ᠳᠤᠤᠷ᠎ᠠ ᠪᠠᠶᠢᠬᠤ ᠵᠡᠷᠭᠡ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠵᠦ᠂ ᠭᠠᠵᠠᠷ ᠰᠢᠷᠣᠶ ᠶᠢ ᠲᠥᠪᠯᠡᠷᠡᠭᠦᠯᠵᠦ ᠡᠷᠴᠢᠮᠵᠢᠭᠦᠯᠦᠨ ᠡᠵᠡᠩᠨᠡᠬᠦ ᠶᠢ ᠳᠥᠯᠭᠢᠨ | ᠠᠬᠢᠭᠤᠯᠵᠤ᠂ ᠰᠢᠶᠠᠩ ᠤᠨ ᠳᠣᠲᠣᠷᠠᠬᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠦᠬᠦᠨ ᠢ ᠠᠰᠢᠭᠯᠠᠯᠲᠠ ᠳᠤ | ᠣᠷᠤᠭᠤᠯᠬᠤ ᠶᠢ ᠦᠨᠡᠨ ᠬᠦ ᠪᠠᠲᠤᠯᠠᠬᠤ ᠶᠢᠨ ᠬᠠᠮᠲᠤ᠂ ᠲᠡᠭᠦᠨ ᠤ ᠡᠵᠡᠩᠨᠡᠯᠲᠡ ᠶᠢᠨ ᠠᠰᠢᠭ ᠣᠷᠣᠯᠭ᠎ᠠ ᠶᠢ ᠪᠦᠬᠦᠨ ᠢ | ᠲᠣᠰᠬᠤᠨ ᠳᠤ ᠬᠤᠪᠢᠶᠠᠷᠢᠯᠠᠪᠠ᠃ | ᠲᠤᠰ ᠰᠢᠶᠠᠩ ᠨᠡᠶᠢᠲᠡ 5500 ᠭᠠᠷᠤᠢ ᠲᠦᠮᠡᠨ ᠲᠥᠭᠦᠷᠢᠭ ᠤᠨ ᠤᠯᠤᠰ ᠤᠨ ᠥᠮᠴᠢᠯᠡᠯ ᠤᠨ ᠲᠣᠭᠲᠠᠮᠠᠯ | ᠬᠦᠷᠦᠩᠬᠡ ᠶᠢ ᠪᠦᠷᠢᠯᠳᠦᠭᠦᠯᠵᠦ᠂ ᠵᠢᠯ ᠤᠨ ᠡᠵᠡᠩᠨᠡᠯᠲᠡ ᠶᠢᠨ ᠠᠰᠢᠭ ᠣᠷᠣᠯᠭ᠎ᠠ ᠨᠢ 200 ᠲᠦᠮᠡᠨ ᠲᠥᠭᠦᠷᠢᠭ ᠲᠤ | ᠬᠦᠷᠴᠡᠢ᠃ 2023 ᠣᠨ ᠳᠤ᠂ ᠲᠤᠰ ᠰᠢᠶᠠᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠢᠯ ᠤᠨ ᠣᠷᠣᠯᠭ᠎ᠠ | ᠨᠢ 150 ᠲᠦᠮᠡᠨ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠰᠠᠨ ᠼᠣᠣ ᠵᠸᠦ ᠪᠤᠤ ᠲᠣᠰᠬᠤᠨ ᠪᠣᠯᠤᠨ | ᠵᠢᠯ ᠤᠨ ᠣᠷᠣᠯᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢ ᠳᠤ ᠲᠣᠭᠲᠠᠪᠤᠷᠢᠵᠢᠭᠰᠠᠨ ᠰᠢᠨ ᠮᠢᠨ ᠲᠣᠰᠬᠤᠨ ᠢ | ᠰᠣᠩᠭᠤᠵᠤ᠂ ︽ᠨᠡᠶᠢᠲᠡ ᠶᠢᠨ ᠠᠰᠠᠷᠠᠮᠵᠢ ᠪᠠᠷ ᠬᠠᠷᠠᠭᠠᠯᠵᠠᠬᠤ᠂ ᠬᠠᠷᠢᠯᠴᠠᠨ ᠬᠠᠪᠰᠤᠷᠤᠯᠴᠠᠵᠤ ᠡᠷᠡᠭᠦᠯᠵᠢᠯ ᠤᠨ | ᠠᠰᠠᠷᠠᠮᠵᠢ ᠬᠦᠷᠲᠡᠭᠡᠬᠦ︾ ᠵᠠᠭᠪᠤᠷ ᠢᠶᠠᠷ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠢ | ᠰᠢᠢᠳᠪᠦᠷᠢᠯᠡᠬᠦ ᠶᠢ ᠰᠦᠪᠡᠭᠴᠢᠯᠡᠪᠡ᠃ | ᠣᠳᠣᠬᠠᠨ ᠳᠤ᠂ ᠠᠷᠤ ᠬᠤᠷᠴᠢᠨ ᠬᠤᠰᠢᠭᠤ ᠨᠢᠭᠡᠨᠲᠡ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ 7᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ 44᠂ | ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ 37 ᠶᠢ ᠪᠠᠶᠢᠭᠤᠯᠪᠠ᠃ | | |