ᠴᠧᠨ ᠬᠤ᠋ ᠨᠠᠨ ᠬᠤᠰᠢᠭᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ              ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/24
       12 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ  ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠤᠰᠤ ᠬᠤᠰᠢᠭᠤᠨ ᠳᠡᠳ᠋ ᠳᠠᠷᠤᠭ᠎ᠠ ᠬᠤᠷᠠᠯ ᠳᠤ  ᠰᠤᠯᠠ ᠣᠷᠣᠯᠴᠠᠪᠠ᠃
       ᠬᠤᠷᠠᠯ ᠠᠴᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠳᠦᠷᠢᠮ︾ ᠪᠣᠯᠤᠨ ᠣᠶᠢᠷ᠎ᠠ ᠶᠢᠨ ᠬᠤᠭᠤᠴᠠᠭᠠᠨ ᠤ ᠰᠢ  ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠬᠦ᠂ ᠠᠵᠢᠯ ᠢᠶᠠᠨ ᠶᠡᠬᠡᠪᠡᠷ ᠲᠦᠷᠭᠡᠳᠬᠡᠬᠦ᠂ ᠠᠵᠤ ᠠᠬᠤᠶ ᠪᠠᠨ ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠰᠤᠷᠤᠯᠴᠠᠬᠤ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠠᠶ᠃ ᠬᠤᠷᠠᠯ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠰᠤᠳᠤᠯᠤᠨ ᠶᠠᠷᠢᠯᠴᠠᠵᠠᠶ᠃        ᠴᠧᠨ ᠬᠤ᠋ ᠨᠠᠨ ᠴᠢᠬᠤᠯᠠᠴᠢᠯᠠᠭᠰᠠᠨ ᠨᠢ᠂ ᠬᠤᠰᠢᠭᠤᠨ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠳᠠᠷᠤᠭ᠎ᠠ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠢᠷᠡᠬᠦ ᠵᠢᠯ ᠤᠨ ᠠᠵᠤ ᠠᠬᠤᠶ ᠶᠢᠨ ᠠᠵᠢᠯ ᠤᠨ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠡᠭᠦᠷᠭᠡ ᠶᠢ ᠣᠨᠣᠪᠴᠢᠲᠠᠶ ᠡᠵᠡᠮᠳᠡᠵᠦ᠂ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠨᠢᠭᠲᠠ ᠤᠶᠠᠯᠳᠤᠭᠤᠯᠵᠤ᠂ ᠠᠷᠤ ᠬᠤᠷᠴᠢᠨ ᠬᠤᠰᠢᠭᠤᠨ ᠤ ᠬᠥᠭᠵᠢᠯᠲᠡ ᠶᠢᠨ ᠠᠵᠠ ᠲᠣᠬᠢᠶᠠᠯ ᠤᠨ ᠳᠠᠪᠠᠭᠤᠯᠢᠭ᠂ ᠬᠥᠭᠵᠢᠯᠲᠡ ᠶᠢᠨ ᠰᠠᠭᠤᠷᠢ ᠪᠣᠯᠤᠨ ᠳᠤᠲᠠᠭᠤᠳᠠᠯ ᠪᠠᠭᠤᠷᠠᠶ ᠲᠠᠯ᠎ᠠ ᠶᠢ ᠭᠦᠨᠵᠡᠭᠡᠶ ᠲᠠᠨᠢᠵᠤ᠂ ᠲᠥᠪ ᠤᠨ ᠬᠠᠳᠠᠭᠠᠯᠠᠮᠵᠢ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠭᠤᠤᠯ ᠭᠦᠢᠴᠡᠳᠬᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠩᠭᠢᠯᠠᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠭᠦᠨᠵᠡᠭᠡᠶ ᠪᠥᠭᠡᠳ ᠪᠣᠳᠠᠲᠠᠶ ᠪᠠᠷ ᠰᠦᠪᠡᠭᠴᠢᠯᠡᠵᠦ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠶ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢᠨ ᠲᠣᠭᠤᠷᠢᠨ ᠳᠤ᠂ ᠬᠤᠪᠢᠰᠬᠠᠯᠲᠤ ᠤᠳᠤᠮᠰᠢᠯ ᠢ ᠤᠯᠠᠮᠵᠢᠯᠠᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠡᠨᠡ ᠤᠳᠠᠭ᠎ᠠ ᠶᠢᠨ ᠪᠥᠬᠦ ᠬᠤᠲᠠ ᠶᠢᠨ ︽ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠬᠦ᠂ ᠠᠵᠢᠯ ᠢᠶᠠᠨ ᠶᠡᠬᠡᠪᠡᠷ ᠲᠦᠷᠭᠡᠳᠬᠡᠬᠦ᠂ ᠠᠵᠤ ᠠᠬᠤᠶ ᠪᠠᠨ ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠪᠣᠳᠠᠲᠠᠶ ᠠᠷᠭ᠎ᠠ ᠬᠡᠮᠵᠢᠶ᠎ᠡ ᠠᠪᠴᠤ᠂ ᠠᠵᠢᠯ ᠤᠨ ᠠᠬᠢᠴᠠ ᠪᠠᠨ  ᠶᠡᠭᠡ ᠪᠠᠷ ᠲᠦᠷᠭᠡᠳᠬᠡᠵᠦ ᠠᠵᠤ ᠠᠬᠤᠶ ᠶᠢᠨ ᠶᠡᠭᠡ ᠬᠥᠭᠵᠢᠯᠲᠡ ᠶᠢ ᠳᠠᠶᠢᠴᠢᠯᠠᠬᠤ ᠶᠢ ᠦᠨᠡᠨᠬᠦ  ᠪᠡᠶᠡᠯᠡᠭᠦᠯᠬᠦ ᠬᠡᠷᠡᠭᠲᠡᠶ ᠭᠡᠵᠡᠶ᠃        ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠶ᠃  ︵ᠰᠠᠶᠢᠬᠠᠠᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号