12 ᠰᠠᠷ᠎ᠠ ᠶᠢᠨ 21 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠴᠧᠨ ᠬᠤ᠋ ᠨᠠᠨ 2024 ᠣᠨ ᠤ ᠵᠠᠰᠠᠭ ᠤᠨ ᠣᠷᠳᠣᠨ ᠤ 8 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ᠂ ᠦᠨᠳᠦᠰᠦᠲᠡᠨ ᠤ ᠠᠵᠢᠯ᠂ ᠬᠤᠲᠠ ᠶᠢᠨ ᠨᠡᠶᠢᠲᠡ ᠶᠢᠨ ᠮᠠᠰᠢᠨ ᠲᠡᠷᠭᠡ᠂ ᠦᠨᠳᠦᠰᠦᠨ | ᠱᠠᠲᠤᠨ ᠤ ᠭᠠᠯ ᠤᠨᠲᠠᠷᠠᠭᠠᠬᠤ᠂ ᠨᠡᠶᠢᠭᠡᠮ ᠲᠣᠭᠤᠷᠢᠭ ᠤᠨ ᠠᠵᠢᠯᠲᠠᠨ ᠤ ᠠᠵᠢᠯ ᠮᠡᠷᠭᠡᠵᠢᠯ ᠤᠨ ᠰᠢᠰᠲ᠋ᠧᠮ ᠤᠨ | ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠪᠠᠶᠢᠳᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | | | | | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠰᠢᠨ᠎ᠡ ᠪᠠᠷ ᠵᠠᠰᠠᠪᠤᠷᠢ ᠣᠷᠣᠭᠤᠯᠤᠭᠰᠠᠨ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠬᠠᠮᠲᠤ ᠪᠠᠷ | ᠰᠤᠷᠤᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ | ᠵᠦᠢᠯᠡᠰ ᠤᠨ ᠠᠮᠤᠷ ᠲᠦᠪᠰᠢᠨ ᠤ ᠬᠦᠷᠢᠶᠡᠨ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠰᠢᠨ᠎ᠡ ᠵᠢᠯ ᠴᠠᠭᠠᠨ ᠰᠠᠷ᠎ᠠ ᠵᠡᠷᠭᠡ ᠴᠢᠬᠤᠯᠠ ᠴᠠᠭ ᠬᠤᠭᠤᠴᠠᠭ᠎ᠠ ᠪᠣᠯᠤᠨ | ᠰᠤᠷᠭᠠᠭᠤᠯᠢ ᠡᠮᠨᠡᠯᠭᠡ ᠶᠢᠨ ᠬᠤᠷᠢᠶ᠎ᠠ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ | ᠬᠦᠷᠢᠶ᠎ᠡ ᠶᠢ ᠴᠢᠩᠭ᠎ᠠ ᠠᠩᠬᠠᠷᠴᠤ᠂ ᠢᠳᠡᠭᠡᠨ ᠪᠠ ᠡᠮ ᠤᠨ ᠵᠦᠢᠯᠡᠰ ᠤᠨ ᠬᠦᠷᠢᠶᠡᠨ ᠤ ᠭᠦᠨ ᠳᠠᠪᠬᠤᠷᠭ᠎ᠠ ᠶᠢᠨ᠂ | ᠦᠨᠳᠦᠰᠦᠨ ᠴᠢᠨᠠᠷᠲᠠᠶ ᠠᠮᠤᠷ ᠲᠦᠪᠰᠢᠨ ᠤ ᠭᠡᠮ ᠰᠣᠭᠤᠭ ᠢ ᠭᠦᠨᠵᠡᠭᠡᠶ ᠠᠭᠤᠳᠠᠯᠤᠨ ᠨᠠᠷᠢᠨ ᠪᠠᠶᠢᠴᠠᠭᠠᠵᠤ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠶᠢᠳᠡᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ | ᠦᠨᠡᠨ ᠬᠦ ᠪᠠᠲᠤᠯᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠠᠪᠤᠳᠠᠯ ᠢᠶᠠᠷ ᠡᠯ᠎ᠡ ᠵᠦᠢᠯ ᠤᠨ ᠠᠵᠢᠯ ᠤᠨ ᠢᠶᠠᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠬᠠᠷᠢᠯᠴᠠᠨ ᠰᠤᠷᠤᠯᠴᠠᠵᠤ | ᠬᠠᠷᠢᠯᠴᠠᠨ ᠲᠣᠯᠢᠳᠠᠵᠤ᠂ ᠬᠠᠷᠢᠯᠴᠠᠨ ᠳᠡᠮᠵᠢᠵᠦ ᠬᠠᠷᠢᠯᠴᠠᠨ ᠬᠠᠪᠰᠤᠷᠤᠯᠴᠠᠬᠤ ᠶᠢ ᠲᠦᠯᠬᠢᠨ ᠠᠬᠢᠭᠤᠯᠵᠤ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠡᠯ ᠢ ᠴᠢᠷᠮᠠᠢᠨ ᠪᠤᠢ ᠪᠣᠯᠭᠠᠬᠤ ᠬᠡᠷᠡᠭᠲᠡᠶ᠃ | ᠬᠤᠲᠠ ᠶᠢᠨ ᠬᠥᠭᠵᠢᠯᠲᠡ ᠪᠠ ᠬᠤᠲᠠ ᠶᠢᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠲᠠᠢ ᠤᠶᠠᠯᠳᠤᠭᠤᠯᠤᠨ᠂ | ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ᠂ ᠲᠠᠯᠠᠪᠤᠷ ᠥᠷᠲᠡᠭᠡ ᠶᠢᠨ ᠪᠠᠶᠢᠷᠢᠯᠠᠭᠤᠯᠤᠯᠲᠠ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠬᠠᠮᠢᠶᠠᠷᠤᠯᠲᠠ ᠶᠢᠨ ᠳᠦᠷᠢᠮ᠂ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠨᠠᠩ ᠲᠠᠭᠠᠯᠠᠮᠵᠢᠲᠠᠶ᠂ ᠳᠥᠭᠦᠮ ᠳᠥᠳᠡ᠂ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠦᠢᠯᠡᠴᠢᠯᠡᠭᠡ ᠶᠢ ᠴᠢᠷᠮᠠᠶᠢᠨ ᠬᠠᠩᠭᠠᠬᠤ ᠬᠡᠷᠡᠭᠲᠡᠶ᠃ ᠦᠨᠳᠦᠰᠦᠨ ᠱᠠᠲᠤᠨ ᠤ ᠭᠠᠯ ᠤᠨᠲᠠᠷᠠᠭᠠᠬᠤ | ᠬᠦᠴᠦᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠢᠯᠡ ᠪᠠᠷ ᠡᠯᠰᠡᠨ ᠬᠡᠷᠡᠭᠯᠡᠬᠦ᠂ ᠵᠢᠵᠢᠭᠦᠷᠯᠡᠨ ᠳᠠᠶᠢᠨ ᠳᠤ | ᠪᠡᠯᠡᠳᠬᠡᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠬᠦ ᠵᠡᠷᠭᠡ ᠠᠵᠢᠯ ᠢ ᠰᠠᠶᠢᠲᠤᠷ ᠬᠢᠵᠦ᠂ ᠭᠠᠯ ᠤᠨᠲᠠᠷᠠᠭᠠᠬᠤ | ᠠᠮᠤᠷ ᠲᠦᠪᠰᠢᠨ ᠤ ᠪᠠᠲᠤᠯᠠᠭ᠎ᠠ ᠪᠠ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠰᠣᠩᠭᠤᠨ ᠤᠷᠢᠬᠤ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠳᠦᠷᠢᠮ ᠢ | ᠪᠦᠷᠢᠨᠰᠢᠭᠦᠯᠵᠦ᠂ ᠴᠠᠯᠢᠩ ᠬᠥᠯᠥᠰᠥ ᠶᠢᠨ ᠪᠠᠲᠤᠯᠠᠭ᠎ᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠰᠠᠯᠲᠠ ᠳᠤ | ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠡᠶ᠃ | ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠵᠦ ᠪᠠᠲᠤᠯᠠᠪᠠ᠃ ᠬᠤᠰᠢᠭᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠵᠢᠶᠠ ᡁᠢ ᠬᠤᠩ᠂ ᠸᠠᠩ ᠶᠤᠸᠠᠨ ᠪᠢᠨ᠂ ᠭᠦᠸᠧ ᠶᠦᠩ ᠮᠢᠩ᠂ ᠳᠠᠩ ᠲᠢᠩ ᠲᠢᠩ᠂ | ᠢᠦᠶ ᠭᠠᠩ᠂ ᠶᠠᠨ ᠰᠢᠤᠸᠠᠢ ᠲᠤᠤ᠂ ᠮᠦ ᠭᠦᠸᠧ ᠳ᠋ᠦᠩ ᠵᠡᠷᠭᠡ ᠪᠠᠭ ᠤᠨ ᠭᠡᠰᠢᠭᠦᠳ ᠬᠤᠷᠠᠯ ᠳᠤ ᠣᠷᠣᠯᠴᠠᠵᠠᠶ᠃ | ︵ᠰᠠᠶᠢᠬᠠᠠᠬᠤᠸᠠᠷ︶ | | |