2024 ᠣᠨ ᠤ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠠᠨ ᠲᠢᠩ ᠠᠷᠢᠬᠢᠨ ᠤ ᠦᠢᠯᠡᠰ ᠬᠤᠨᠳᠠᠭᠠᠲᠤ ᠥᠳᠥᠨ ᠪᠥᠮᠪᠦᠭᠡ ᠶᠢᠨ ᠤᠷᠤᠯᠳᠤᠭᠠᠨ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/12/24
           12 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ 2024 ᠣᠨ ᠤ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠠᠨ ᠲᠢᠩ ᠠᠷᠢᠬᠢᠨ ᠦᠢᠯᠡᠰ ᠬᠤᠨᠳᠠᠭᠠᠲᠤ ︽ᠡᠯᠪᠡᠭ ᠬᠤᠷᠢᠶᠠᠯᠲᠠ ᠶᠢ ᠪᠡᠯᠭᠡᠯᠡᠵᠦ · ᠮᠥᠰᠥ ᠴᠠᠰᠤ ᠶᠢ ᠤᠭᠲᠤᠬᠤ︾ ᠥᠲᠥᠨ ᠪᠥᠮᠪᠦᠭᠡ ᠶᠢᠨ ᠤᠷᠤᠯᠳᠤᠭᠠᠨ ᠠᠷᠤ ᠬᠤᠷᠴᠢᠨ ᠬᠤᠰᠢᠭᠤᠨ ᠤ ᠲᠢᠶᠠᠨ ᠶᠤᠸᠠᠨ ᠪᠡᠶ᠎ᠡ ᠶᠢᠨ ᠲᠠᠮᠢᠷ ᠤᠨ ᠣᠷᠳᠣᠨ ᠳᠤ ᠡᠬᠢᠯᠡᠪᠡ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠳᠡᠳ᠋ ᠡᠷᠬᠢᠯᠡᠭᠴᠢ ᠬᠥᠬᠡᠪᠠᠷᠰ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠶ ᠮᠢᠩ ᠠᠵᠢᠯᠯᠠᠭ᠎ᠠ ᠳᠤ ᠤᠷᠣᠯᠴᠠᠵᠤ᠂ ᠬᠥᠬᠡᠪᠠᠷᠰ ᠤᠷᠤᠯᠳᠤᠭᠠᠨ ᠡᠬᠢᠯᠡᠭᠰᠡᠨ ᠢ ᠵᠠᠷᠯᠠᠪᠠ᠃
       ᠱᠦᠭᠯᠦ ᠶᠢᠨ ᠳᠠᠭᠤᠨ ᠢᠶᠠᠷ ᠤᠷᠤᠯᠳᠤᠭᠠᠨ ᠡᠬᠢᠯᠡᠯ᠎ᠡ᠃ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠨ ᠣᠨᠣᠪᠴᠢᠲᠠᠶ ᠪᠥᠮᠪᠦᠭᠡ ᠴᠣᠬᠢᠬᠤ ᠬᠥᠳᠡᠯᠭᠡᠭᠡᠨ ᠨᠢ ᠦᠵᠡᠭᠴᠢᠳ ᠤᠨ ᠬᠠᠯᠠᠭᠤᠨ ᠤᠤᠬᠠᠶᠢᠯᠠᠯ ᠢ ᠣᠯᠵᠤ᠂ ᠬᠤᠶᠠᠷ ᠲᠠᠯ᠎ᠠ ᠪᠠᠷ ᠢᠶᠠᠨ ᠢᠲᠡ ᠬᠥᠭ ᠲᠠᠢ ᠪᠥᠮᠪᠦᠭᠡ ᠴᠣᠬᠢᠵᠤ᠂ ᠤᠷᠤᠯᠳᠤᠭᠠᠨ ᠤ ᠠᠭᠤᠷ ᠠᠮᠢᠰᠬᠤᠯ ᠢ ᠤᠯᠠᠮ ᠬᠦᠷ ᠬᠥᠭᠵᠢᠶᠡᠨ ᠲᠠᠢ ᠪᠣᠯᠭᠠᠭᠰᠠᠨ ᠶᠤᠮ᠃        ᠤᠷᠣᠯᠳᠤᠭᠠᠨ ᠳᠤ ᠨᠡᠶᠢᠲᠡ 15 ᠠᠩᠭᠢ᠂ 150 ᠬᠥᠮᠦᠨ ᠣᠷᠣᠯᠴᠠᠵᠠᠶ᠃ ᠡᠨᠡᠬᠦ ᠤᠷᠤᠯᠳᠤᠭᠠᠨ ᠨᠢ ᠡᠷᠡᠭᠲᠡᠶ ᠡᠮᠡᠭᠲᠡᠶ ᠶᠢᠨ ᠬᠤᠤᠰᠯᠠᠨ ᠴᠣᠬᠢᠬᠤ ᠤᠷᠤᠯᠳᠤᠭᠠᠨ ᠤ ᠬᠡᠯᠪᠡᠷᠢ ᠪᠠᠷ ᠶᠠᠪᠤᠭᠳᠠᠵᠤ᠂ ᠪᠦᠯᠬᠦᠮ ᠤᠨ ᠤᠷᠤᠯᠳᠤᠭᠠᠨ ᠳᠤ ᠲᠠᠪᠤᠨ ᠲᠠᠯᠠᠪᠠᠢ ᠳᠤ ᠭᠤᠷᠪᠠᠨᠲᠠ ᠢᠯᠠᠬᠤ ᠳᠦᠷᠢᠮ ᠢ ᠬᠡᠷᠡᠭᠵᠢᠭᠦᠯᠵᠦ᠂ ᠪᠠᠭ᠎ᠠ ᠳᠤᠭᠤᠶᠢᠯᠠᠩ ᠤᠨ ᠤᠷᠤᠯᠳᠤᠭᠠᠨ ᠨᠢ 31 ᠬᠤᠪᠢ ᠪᠠᠷ ᠶᠠᠪᠤᠭᠳᠠᠨ᠂ 16 ᠬᠤᠪᠢ ᠪᠠᠷ ᠲᠠᠮᠢᠷᠴᠢᠳ ᠲᠠᠯᠠᠪᠠᠶ ᠰᠣᠯᠢᠬᠤ ᠳᠦᠷᠢᠮ  ᠢ ᠬᠡᠷᠡᠭᠵᠢᠭᠦᠯᠪᠡ᠃ ᠬᠤᠶᠠᠳᠤᠭᠠᠷ ᠠᠯᠬᠤᠮ ᠳᠤ ᠲᠠᠯᠠᠪᠠᠢ ᠪᠦᠷᠢ ᠶᠢᠨ ᠤᠷᠤᠯᠳᠤᠭᠠᠨ ᠨᠢ ᠭᠤᠷᠪᠠᠨ ᠤ ᠬᠤᠶᠠᠷ ᠢᠶᠠᠷ ᠢᠯᠠᠬᠤ ᠳᠦᠷᠢᠮ ᠢ ᠬᠡᠷᠡᠭᠵᠢᠭᠦᠯᠵᠦ᠂ 21 ᠬᠤᠪᠢ ᠶᠢᠨ ᠳᠦᠷᠢᠮ ᠢᠶᠠᠷ ᠶᠠᠪᠤᠭᠳᠠᠪᠠ᠃
       ᠬᠤᠶᠠᠷ ᠡᠳᠦᠷ ᠤᠨ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ ᠡᠴᠦᠰ ᠲᠡᠭᠡᠨ ᠢᠦᠶ ᠵᠥᠩ ᠪᠦ᠋ ᠹᠠᠨ ᠳᠤᠭᠤᠶᠢᠯᠠᠩ ᠨᠢᠭᠡᠳᠦᠭᠡᠷ ᠲᠤ ᠣᠷᠣᠵᠤ᠂ ᠬᠥ᠋ ᠹᠧᠩ ᠬᠤᠸᠠᠨ ᠢᠦᠶ ᠳᠤᠭᠤᠶᠢᠯᠠᠩ ᠬᠤᠶᠠᠳᠤᠭᠠᠷ ᠲᠤ ᠣᠷᠣᠵᠤ᠂ ᠢᠦᠶ ᠼᠠᠢ ᠴᠤᠤ ᠴᠢᠶᠦ᠋ᠨ ᠳᠤᠭᠤᠶᠢᠯᠠᠩ ᠭᠤᠷᠪᠠᠳᠤᠭᠠᠷ ᠲᠤ ᠣᠷᠣᠵᠤ᠂ ᠰᠢᠩ ᠭᠦᠩ ᠴᠠᠩ ᠳᠤᠭᠤᠶᠢᠯᠠᠩ ᠳᠥᠷᠪᠡᠳᠦᠭᠡᠷ ᠲᠤ ᠣᠷᠣᠵᠠᠶ᠃ ᠲᠤᠰ ᠤᠳᠠᠭᠠᠨ ᠤ ᠣᠷᠤᠯᠳᠤᠭᠠᠨ ᠨᠢ ᠲᠠᠮᠢᠷᠴᠢᠳ ᠤᠨ ᠬᠤᠪᠢ ᠬᠥᠮᠦᠨ ᠤ ᠴᠤᠭ ᠵᠢᠪᠬᠤᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠦ ᠮᠠᠬᠠᠷᠠᠨ ᠲᠡᠮᠡᠴᠡᠬᠦ᠂ ᠢᠳᠡᠪᠬᠢᠲᠡᠶ ᠥᠭᠡᠳᠡᠯᠡᠨ ᠳᠠᠪᠰᠢᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠪᠠᠶᠢᠨ᠎ᠠ᠃ ︵ᠵᠣᠤ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号