| | ᠣᠶᠢᠷ᠎ᠠ ᠶᠢᠨ ᠡᠳᠦᠷ᠂ ᠬᠠᠨᠰᠦ᠋ᠮ᠎ᠡ ᠰᠤᠮᠤ ᠶᠢᠨ ︽ᠤᠯᠠᠭᠠᠨᠬᠠᠳᠠ ᠶᠢᠨ ᠴᠠᠩ ᠶᠤᠸᠠᠨ ᠪᠡᠶ᠎ᠡ ᠰᠤᠪᠢᠯᠠᠬᠤ | ᠴᠠᠢ ᠶᠢᠨ ᠦᠢᠯᠡᠰ ᠤᠨ ᠬᠢᠵᠠᠭᠠᠷᠲᠤ ᠺᠣᠮᠫᠠᠨᠢ︾ ᠶᠢᠨ ︽ᠬᠠᠨ ᠪᠠᠶᠢᠭᠠᠯᠢᠯᠢᠭ ᠴᠠᠢ︾ ᠮᠠᠨ ᠤ ᠤᠯᠤᠰ ᠤᠨ | ᠭᠤᠸᠠᠩᠰᠢ ᠶᠢᠨ ᠨᠠᠨᠨᠢᠩ ᠬᠤᠲᠠ ᠳᠤ ᠶᠠᠪᠤᠭᠳᠠᠭᠰᠠᠨ 2024 ᠣᠨ ᠤ ᠳᠡᠯᠡᠬᠡᠶ ᠶᠢᠨ ᠣᠢ ᠰᠢᠭᠤᠶ ᠶᠢᠨ | ᠪᠦᠲᠦᠭᠡᠭᠳᠡᠬᠦᠨ ᠵᠢᠴᠢ ᠮᠣᠳᠣᠨ ᠪᠦᠲᠦᠭᠡᠭᠳᠡᠬᠦᠨ ᠤ ᠦᠵᠡᠰᠬᠦᠯᠡᠩ ᠳᠤ ᠠᠯᠲᠠᠨ ᠮᠧᠳᠠᠯ ᠬᠦᠷᠲᠡᠪᠡ᠃ ᠡᠨᠡᠬᠦ | ᠦᠵᠡᠰᠬᠦᠯᠡᠩ ᠳᠤ ᠳᠤᠮᠳᠠᠳᠤ ᠤᠯᠤᠰ᠂ ᠭᠧᠷᠮᠠᠨ᠂ ᠺᠠᠨᠠᠳᠠ ᠪᠣᠯᠤᠨ ᠣᠷᠣᠰ ᠵᠡᠷᠭᠡ 26 ᠤᠯᠤᠰ ᠤᠨ 3 ᠲᠦᠮᠡ | ᠭᠠᠷᠤᠶ ᠪᠦᠲᠦᠭᠡᠭᠳᠡᠬᠦᠨ ᠢ ᠳᠡᠯᠭᠡᠨ ᠦᠵᠡᠭᠦᠯᠦᠭᠰᠡᠨ ᠶᠤᠮ᠃ | | | | | | | | | | | 2019 ᠣᠨ ᠤ 5 ᠰᠠᠷ᠎ᠠ ᠳᠤ᠂ ᠬᠠᠨᠰᠦ᠋ᠮ᠎ᠡ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ | ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠯᠢᠳᠡᠭᠵᠢᠭᠦᠯᠦᠨ ᠲᠣᠬᠢᠷᠠᠭᠤᠯᠤᠯᠲᠠ ᠬᠢᠬᠦ ᠪᠠᠷ ᠳᠠᠮᠵᠢᠭᠤᠯᠤᠨ᠂ | ᠰᠢᠯᠢᠳᠡᠭ ᠬᠠᠮᠢᠶᠠᠷᠤᠯᠲᠠ ᠶᠢᠨ ᠪᠦᠯᠬᠦᠮ ᠢ ᠬᠠᠮᠵᠢᠯᠴᠠᠨ ᠪᠠᠢᠭᠤᠯᠵᠤ᠂ ᠮᠡᠷᠭᠡᠵᠢᠯ᠂ ᠴᠢᠳᠠᠪᠤᠷᠢᠲᠠᠨ᠂ ᠦᠢᠯᠡᠳᠬᠦᠨ᠂ | ᠵᠠᠬ᠎ᠠ ᠳᠡᠯᠭᠡᠭᠦᠷ ᠪᠣᠯᠤᠨ ᠨᠠᠷᠡᠲᠤ ᠲᠥᠷᠥᠯ ᠲᠡᠮᠳᠡᠭᠲᠦ ᠵᠡᠷᠭᠡ ᠪᠦᠬᠦ ᠲᠠᠯ᠎ᠠ ᠶᠢᠨ ᠮᠡᠷᠭᠡᠵᠢᠯ ᠤᠨ ᠵᠢᠯᠣᠭᠤᠳᠤᠯᠭ᠎ᠠ | ᠬᠠᠩᠭᠠᠵᠤ᠂ ᠤᠯᠠᠭᠠᠨᠬᠠᠳᠠ ᠶᠢᠨ ᠴᠠᠩ ᠶᠤᠸᠠᠨ ᠪᠡᠶ᠎ᠡ ᠰᠤᠪᠢᠯᠠᠬᠤ ᠴᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢ | ᠳᠠᠩᠰᠠᠯᠠᠨ ᠪᠠᠶᠢᠭᠤᠯᠵᠤ᠂ ᠳᠠᠩᠰᠠᠯᠠᠭᠤᠯᠤᠭᠰᠠᠨ ᠪᠠᠯᠠ ᠮᠥᠩᠭᠦ 1000 ᠲᠦᠮᠡᠨ ᠲᠥᠭᠦᠷᠢᠭ ᠬᠦᠷᠴᠦ᠂ ᠶᠡᠷᠦᠩᠬᠡᠶ | ᠲᠠᠯᠠᠪᠠᠢ ᠨᠢ 1400 ᠲᠡᠭᠰᠢ ᠳᠥᠷᠪᠡᠯᠵᠢᠨ ᠮᠧᠲᠷ᠂ ᠡᠭᠦᠨ ᠳᠤ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ | ᠪᠠᠶᠢᠰᠢᠩ 329.8 ᠲᠡᠭᠰᠢ ᠳᠥᠷᠪᠡᠯᠵᠢᠨ ᠮᠧᠲᠷ ᠢ ᠡᠵᠡᠯᠡᠵᠦ᠂ 25 ᠠᠵᠢᠯᠲᠠᠨ ᠲᠠᠢ᠂ ᠵᠢᠯ ᠤᠨ | ᠦᠢᠯᠡᠳᠪᠦᠷᠢᠯᠡᠯ ᠤᠨ ᠴᠢᠳᠠᠪᠤᠷᠢ ᠨᠢ 5000 ᠺᠢᠯᠣᠭ᠍ᠷᠠᠮ ᠬᠦᠷᠴᠡᠶ᠃ ᠡᠵᠡᠩᠨᠡᠯᠲᠡ ᠳᠤ ᠤᠷᠤᠭᠰᠠᠨ ᠠᠴᠠ ᠨᠠᠭᠠᠰᠢ᠂ | 3500 ᠺᠢᠯᠣᠭ᠍ᠷᠠᠮ ᠰᠠᠨᠳᠠᠩ ᠴᠠᠢ ᠦᠢᠯᠡᠳᠪᠦᠷᠢᠯᠡᠵᠦ᠂ ᠪᠣᠷᠣᠯᠠᠭᠤᠯᠭ᠎ᠠ ᠶᠢᠨ ᠬᠡᠮᠵᠢᠶ᠎ᠡ 300 ᠲᠦᠮᠡᠨ | ᠲᠥᠭᠦᠷᠢᠭ ᠲᠤ ᠬᠦᠷᠴᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ 1.5 ᠲᠦᠮᠡᠨ ᠲᠥᠭᠦᠷᠢᠭ | ᠨᠡᠮᠡᠭᠳᠡᠵᠦ᠂ 40 ᠭᠠᠷᠤᠶ ᠡᠷᠦᠬᠡ ᠶᠢ ᠳᠠᠶᠢᠴᠢᠯᠠᠨ ᠲᠤᠰᠢᠶᠠᠯ ᠬᠠᠪᠰᠤᠷᠭᠠᠨ ᠠᠵᠢᠯ ᠣᠯᠭᠤᠵᠤ᠂ ᠡᠷᠦᠬᠡ ᠪᠦᠷᠢ ᠶᠢᠨ | ᠵᠢᠯ ᠤᠨ ᠳᠤᠮᠳᠠᠴᠢ ᠣᠷᠣᠯᠭ᠎ᠠ 3000 ᠲᠥᠭᠦᠷᠢᠭ ᠲᠤ ᠬᠦᠷᠴᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠣᠶᠢᠷ᠎ᠠ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠶ ᠵᠣᠯᠭᠠᠭᠤᠯᠬᠤ ᠶᠢ ᠦᠨᠡᠨᠬᠦ ᠠᠬᠢᠭᠤᠯᠤᠭᠰᠠᠨ ᠶᠤᠮ᠃ ᠲᠤᠰ ᠺᠣᠮᠫᠠᠨᠢ ᠡᠵᠡᠩᠨᠡᠯᠲᠡ ᠳᠤ | ᠤᠷᠤᠭᠰᠠᠨ ᠠᠴᠠ ᠨᠠᠭᠠᠰᠢ᠂ ᠤᠷᠢᠳ ᠬᠤᠵᠢᠳ ︽ᠠᠷᠤ ᠬᠤᠷᠴᠢᠨ ᠬᠤᠰᠢᠭᠤᠨ ᠤ ᠵᠢᠵᠢᠭ ᠬᠦᠷᠢᠶᠡᠯᠡᠩ︾᠂ | ᠰᠠᠨᠳᠠᠩ ᠮᠣᠳᠣᠨ ᠤ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠪᠦᠷᠢᠯᠳᠦᠬᠦᠨ ᠨᠢᠭᠡᠴᠡ᠂ | ᠳᠤᠮᠳᠠᠳᠤ ᠤᠯᠤᠰ ᠤᠨ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠬᠦᠨ ᠤ ᠤᠷᠤᠯᠳᠤᠭᠠᠨ ᠳᠤ ᠣᠷᠣᠯᠴᠠᠭᠰᠠᠨ | ᠱᠠᠩᠨᠠᠯ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ᠂ ᠳᠡᠯᠡᠬᠡᠶ ᠶᠢᠨ ᠣᠢ ᠰᠢᠭᠤᠶ ᠶᠢᠨ ᠪᠦᠲᠦᠭᠡᠭᠳᠡᠬᠦᠨ ᠵᠢᠴᠢ ᠮᠣᠳᠣᠨ ᠪᠦᠲᠦᠭᠡᠭᠳᠡᠬᠦᠨ ᠤ | ᠦᠵᠡᠰᠬᠦᠯᠡᠩ ᠤᠨ ᠠᠯᠲᠠᠨ ᠱᠠᠩᠨᠠᠯ ᠵᠡᠷᠭᠡ ᠢᠷᠠᠭᠤ ᠠᠯᠳᠠᠷ ᠪᠣᠯᠤᠨ ᠥᠩᠭᠡ ᠭᠡᠷᠡᠯ ᠢ ᠬᠦᠷᠲᠡᠵᠦ᠂ ᠠᠷᠤ ᠬᠤᠷᠴᠢᠨ | ᠬᠤᠰᠢᠭᠤ ᠴᠢᠨᠠᠭᠰᠢᠯᠠᠨ ᠤᠯᠠᠭᠠᠨᠬᠠᠳᠠ ᠬᠤᠲᠠ᠂ ᠳᠤᠮᠳᠠᠳᠤ ᠤᠯᠤᠰ ᠤᠨ ᠨᠡᠷ᠎ᠡ ᠠᠯᠳᠠᠷᠰᠢᠯ ᠪᠣᠯᠤᠨ ᠨᠥᠯᠥᠭᠡᠯᠡᠬᠦ | ᠬᠦᠴᠦᠨ ᠢ ᠦᠨᠡᠨ ᠬᠦ ᠳᠡᠭᠡᠭᠰᠢᠯᠡᠭᠦᠯᠦᠭᠰᠡᠨ ᠪᠢᠯᠡ᠃ | | | | | | | | | | | | | | | | | | | | | | | | | | ᠤᠯᠠᠭᠠᠨᠬᠠᠳᠠ ᠶᠢᠨ ᠴᠠᠩ ᠶᠤᠸᠠᠨ ᠪᠡᠶ᠎ᠡ ᠰᠤᠪᠢᠯᠠᠬᠤ ᠴᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠨᠢ | ᠬᠠᠨᠰᠦ᠋ᠮ᠎ᠡ ᠰᠤᠮᠤ ᠶᠢᠨ ᠤᠷᠳᠤᠬᠦ᠋ᠪ ᠭᠠᠴᠠᠭᠠᠨ ᠳᠤ ᠪᠠᠶᠢᠷᠢᠯᠠᠵᠤ ᠪᠠᠶᠢᠭ᠎ᠠ ᠶᠤᠮ᠃ ︽ᠬᠠᠨ ᠪᠠᠶᠢᠭᠠᠯᠢᠯᠢᠭ ᠴᠠᠢ︾ | ︵ᠰᠠᠨᠳᠠᠩ ᠴᠠᠢ︶ ᠨᠢ ᠬᠠᠨᠰᠦ᠋ᠮ᠎ᠡ ᠰᠤᠮᠤ ᠶᠢᠨ ᠰᠦᠪᠡᠭᠴᠢᠯᠡᠨ ᠬᠥᠭᠵᠢᠭᠦᠯᠦᠭᠰᠡᠨ ︽ᠬᠠᠨ ᠴᠠᠭᠠᠨ︾ ︽ᠬᠠᠲᠤᠨ | ᠬᠠᠳᠬᠤᠮᠠᠯ︾ ︽ᠬᠠᠨ ᠪᠠᠶᠢᠭᠠᠯᠢᠯᠢᠭ ᠴᠠᠢ︾᠂ ᠪᠤᠷᠭᠠᠰᠤᠨ ᠬᠦᠷᠦᠮᠡᠯ ᠪᠣᠯᠤᠨ ᠦᠨᠳᠦᠰᠦᠨ ᠤ ᠰᠡᠶᠢᠯᠦᠮᠡᠯ ᠵᠡᠷᠭᠡ | ᠲᠠᠪᠤᠨ ᠵᠢᠵᠢᠭ ᠣᠨᠴᠠᠯᠢᠭᠲᠤ ᠠᠵᠤ ᠦᠢᠯᠡᠰ ᠤᠨ ᠨᠢᠭᠡ ᠪᠣᠯᠬᠤ ᠶᠤᠮ᠃ ᠣᠶᠢᠷ᠎ᠠ ᠶᠢᠨ ᠵᠢᠯ ᠠᠴᠠ᠂ ᠬᠠᠨᠰᠦ᠋ᠮ᠎ᠡ | ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ | ᠠᠵᠢᠯ ᠣᠯᠭᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠨᠡᠮᠡᠷᠢᠯᠡᠬᠦ︾ ᠶᠢ ᠬᠠᠷᠠᠯᠲᠠ ᠪᠣᠯᠭᠠᠬᠤ ᠶᠢ ᠪᠠᠷᠢᠮᠲᠠᠯᠠᠵᠤ᠂ ︽ᠳᠡᠭᠡᠳᠦ ᠬᠡᠮᠵᠢᠶ᠎ᠡ ᠪᠠᠷ ᠠᠭᠤᠰᠤᠯᠴᠠᠭᠤᠯᠬᠤ᠂ | ᠬᠠᠮᠲᠤᠪᠠᠷ ᠣᠷᠣᠯᠭ᠎ᠠ ᠡᠭᠦᠳᠴᠦ᠂ ᠬᠠᠮᠲᠤᠪᠠᠷ ᠴᠢᠨᠡᠭᠡᠯᠢᠭᠵᠢᠬᠦ ︾ ᠵᠠᠷᠴᠢᠮ ᠢ ᠪᠠᠷᠢᠮᠲᠠᠯᠠᠵᠤ᠂ ᠲᠠᠪᠤᠨ ᠵᠢᠵᠢᠭ | ᠣᠨᠴᠠᠯᠢᠭᠲᠤ ᠠᠵᠤ ᠦᠢᠯᠡᠰ ᠤᠨ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠢ ᠲᠠᠰᠤᠷᠠᠯᠲᠠ ᠦᠭᠡᠢ | ᠳᠡᠭᠡᠭᠰᠢᠯᠡᠭᠦᠯᠦᠭᠰᠡᠨ ᠪᠠᠶᠢᠨ᠎ᠠ᠃ | | | | | | | | ᠣᠶᠢᠯᠠᠭᠠᠭᠰᠠᠨ ᠢᠶᠠᠷ᠂ ᠬᠠᠨᠰᠦ᠋ᠮ᠎ᠡ ᠰᠤᠮᠤ ᠶᠢᠨ ︽ᠬᠠᠨ ᠪᠠᠶᠢᠭᠠᠯᠢᠯᠢᠭ ᠴᠠᠢ︾ ᠨᠢ ᠲᠤᠰ | ᠦᠵᠡᠰᠬᠦᠯᠡᠩ ᠳᠤ ᠠᠯᠳᠠᠨ ᠮᠧᠳᠠᠯ ᠬᠦᠷᠲᠡᠭᠰᠡᠨ 143 ᠲᠥᠷᠥᠯ ᠤᠨ ᠨᠢᠭᠡ ᠪᠣᠯᠤᠭᠰᠠᠨ ᠪᠢᠯᠡ᠃ | ︵ᠴᠢᠮᠡᠭᠡᠯᠡᠭᠴᠢ᠄ ᠦᠨᠳᠦᠰᠦ︶ | | |