ᠴᠧᠨ ᠬᠤ᠋ ᠨᠠᠨ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠶᠢᠨ ᠵᠠᠳᠠᠯᠤᠯᠲᠠ ᠵᠢᠴᠢ ᠭᠤᠤᠯᠲᠠᠯᠭ᠎ᠠ ᠲᠠᠢ ᠲᠥᠷᠥᠯ ᠵᠦᠢᠯ ᠢ ᠠᠬᠢᠭᠤᠯᠬᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/26
       12 ᠰᠠᠷ᠎ᠠ ᠶᠢᠨ 25 ᠤ ᠦᠳᠡ ᠶᠢᠨ ᠡᠮᠦᠨ᠎ᠡ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠧᠨ ᠬᠤ᠋ ᠨᠠᠨ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ ᠶᠢᠨ ᠵᠠᠳᠠᠯᠤᠯᠲᠠ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠲᠤᠰᠬᠠᠶ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤᠨ ᠤᠳᠤᠷᠢᠳᠤᠯᠭ᠎ᠠ ᠭᠦᠸᠧ ᠶᠦᠩ ᠮᠢᠩ᠂ ᠶᠠᠨ ᠰᠢᠤᠸᠠᠢ ᠲᠤᠤ᠂ ᠯᠢ ᠭᠦᠸᠧ ᠯᠢᠨ ᠬᠤᠷᠠᠯ ᠳᠤ ᠣᠷᠣᠯᠴᠠᠵᠠᠶ᠃
       ᠬᠤᠷᠠᠯ ᠠᠴᠠ ᠪᠦᠬᠦ ᠵᠢᠯ ᠤᠨ ᠡᠯ᠎ᠡ ᠵᠦᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢ ᠭᠦᠢᠴᠡᠳᠬᠡᠭᠰᠡᠨ ᠪᠠᠶᠢᠳᠠᠯ ᠢ ᠰᠣᠨᠣᠰᠴᠤ᠂ ᠬᠦᠴᠢᠷᠳᠡᠯᠲᠡᠶ ᠠᠰᠠᠭᠤᠳᠠᠯ ᠢ ᠨᠢᠭᠡᠳ ᠨᠢᠭᠡ ᠪᠠᠷ ᠵᠠᠳᠠᠯᠤᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠬᠤ ᠶᠢᠨ ᠬᠠᠮᠲᠤ ᠴᠢᠩᠭᠠᠳᠬᠠᠬᠤ ᠳᠤ ᠪᠠᠨ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠣᠶᠢᠷ᠎ᠠ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠪᠡᠯᠡ ᠣᠷᠣᠭᠤᠯᠤᠯᠲᠠ ᠶᠢ ᠪᠦᠲᠦᠮᠵᠢᠲᠡᠶ ᠥᠷᠭᠡᠳᠬᠡᠵᠦ᠂ ᠠᠵᠤ ᠠᠬᠤᠶᠢᠯᠠᠯ ᠢ ᠣᠨᠢᠨ ᠳᠡᠭᠡᠷ᠎ᠡ ᠨᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠵᠦ᠂ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠨ ᠤᠷᠤᠭᠰᠢ ᠳᠠᠪᠰᠢᠵᠤ᠂ ᠢᠷᠡᠬᠦ ᠵᠢᠯ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ ᠭᠡᠵᠡᠶ᠃      ᠬᠤᠷᠠᠯ ᠠᠴᠠ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠲᠥᠯᠥᠪᠵᠢᠭᠦᠯᠦᠨ ᠠᠬᠢᠭᠤᠯᠬᠤ ᠪᠠᠶᠢᠳᠠᠯ ᠢ ᠰᠣᠨᠣᠰᠴᠤ᠂ ᠰᠢᠨ᠎ᠡ ᠡᠨᠧᠷᠭᠢ᠂ ᠠᠭᠤᠷᠬᠠᠶ ᠶᠢᠨ ᠡᠬᠢ ᠪᠠᠶᠠᠯᠢᠭ ᠤᠨ ᠨᠡᠭᠡᠭᠡᠯᠲᠡ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂᠂ ᠡᠯᠡᠰᠦ ᠶᠢ ᠲᠤᠭᠤᠯᠤᠭᠰᠠᠨ ᠵᠠᠰᠠᠮᠠᠯ ᠵᠠᠮ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷᠳᠠᠮ ᠭᠦᠢᠴᠡᠳᠬᠡᠬᠦ᠂ ᠪᠠᠯᠠ ᠣᠷᠣᠭᠤᠯᠤᠨ ᠬᠥᠮᠥᠷᠭᠡ ᠳᠤ ᠣᠷᠣᠭᠤᠯᠬᠤ ᠶᠢ ᠲᠦᠷᠭᠡᠳᠬᠡᠨ᠂ ᠪᠠᠯᠠ ᠮᠥᠩᠭᠦ ᠣᠯᠬᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠬᠤᠭᠤᠴᠠᠭ᠎ᠠ ᠶᠣᠰᠣᠭᠠᠷ ᠠᠵᠢᠯ ᠡᠬᠢᠯᠡᠭᠦᠯᠵᠦ᠂ ᠪᠠᠶᠢᠭᠤᠯᠵᠤ ᠳᠠᠭᠤᠰᠬᠠᠭᠠᠳ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠦ ᠴᠢᠬᠤᠯᠠᠴᠢᠯᠠᠵᠠᠶ᠃        ᠬᠤᠷᠠᠯ ᠠᠴᠠ ᠪᠠᠰᠠ 2024 ᠣᠨ ᠤ ︽ᠠᠷᠠᠳ ᠤᠨ ᠠᠮᠢᠳᠤᠷᠠᠯ ᠤᠨ ᠠᠷᠪᠠᠨ ᠵᠦᠢᠯ ᠤᠨ ᠪᠣᠳᠠᠲᠤ ᠶᠠᠪᠤᠳᠠᠯ︾ ᠢ ᠪᠡᠶᠡᠯᠡᠭᠦᠯᠦᠭᠰᠡᠨ ᠪᠠᠶᠢᠳᠡᠯ ᠪᠣᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠢ ᠲᠤᠰᠬᠠᠶ ᠰᠡᠳᠦᠪ ᠢᠶᠠᠷ ᠰᠣᠨᠣᠰᠴᠤ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠣᠯᠠᠨ ᠲᠦᠮᠡᠨ ᠤ ᠰᠡᠷᠡᠵᠦ ᠮᠡᠳᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠷᠥᠯ ᠵᠦᠢᠯ ᠢ ᠴᠤᠭᠯᠠᠭᠤᠯᠬᠤ᠂ ᠰᠠᠨᠠᠯ ᠢ ᠬᠤᠷᠢᠶᠠᠩᠭᠤᠶᠢᠯᠠᠬᠤ᠂ ᠮᠥᠷᠳᠡᠯᠲᠡ ᠪᠠᠷ ᠦᠷ᠎ᠡ ᠪᠦᠲᠦᠮᠵᠢ ᠶᠢ ᠣᠶᠢᠯᠠᠭᠠᠬᠤ ᠵᠡᠷᠭᠡ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠠᠷᠠᠳ ᠤᠨ ᠰᠠᠨᠠᠭᠠᠨ ᠳᠤ ᠨᠠᠩ ᠨᠡᠶᠢᠴᠡᠭᠦᠯᠵᠦ᠂ ᠠᠷᠠᠳ ᠤᠨ ᠬᠡᠷᠡᠭᠴᠡᠭᠡ ᠳᠤ ᠨᠠᠩ ᠨᠡᠶᠢᠴᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃        ᠬᠤᠰᠢᠭᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ      ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠪᠠ ᠪᠠᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ  ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠰᠣᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃ ︵ᠰᠠᠶᠢᠬᠠᠠᠬᠤᠸᠠᠷ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号