ᠡᠮᠡᠭᠲᠡᠶᠢᠴᠦᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠤᠭᠤᠯᠠ ᠪᠤᠳᠠᠭ᠎ᠠ ᠬᠢᠬᠦ ᠤᠷ᠎ᠠ ᠮᠡᠷᠭᠡᠵᠢᠯ ᠢ ᠳᠡᠭᠡᠭᠰᠢᠯᠡᠭᠦᠯᠵᠦ᠂ ᠠᠵᠢᠯ ᠣᠯᠬᠤ | ᠠᠷᠭ᠎ᠠ ᠵᠠᠮ ᠢ ᠥᠷᠭᠡᠳᠬᠡᠵᠦ᠂ ᠭᠡᠷ ᠪᠦᠯᠢ ᠶᠢᠨ ᠣᠷᠣᠯᠭ᠎ᠠ ᠪᠠᠨ ᠨᠡᠮᠡᠭᠳᠡᠭᠦᠯᠵᠦ᠂ ᠬᠥᠳᠡᠭᠡ ᠲᠣᠰᠬᠤᠨ ᠢ | ᠬᠥᠭᠵᠭᠦᠯᠦᠨ ᠮᠠᠨᠳᠤᠭᠤᠯᠬᠤ ᠡᠮᠡᠭᠲᠡᠶᠢᠴᠦᠳ ᠤᠨ ᠬᠡᠷᠡᠭᠯᠡᠭᠡᠨ ᠤ ᠴᠢᠳᠠᠪᠤᠷᠢᠲᠠᠨ ᠢ ᠬᠥᠮᠦᠵᠢᠭᠦᠯᠬᠦ ᠶᠢᠨ ᠲᠥᠯᠥᠭᠡ᠂ | ᠱᠤᠤ ᠪᠠᠯᠭᠠᠰᠤ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠷᠤ ᠬᠤᠷᠴᠢᠨ ᠬᠤᠰᠢᠭᠤᠨ ᠤ ᠵᠠᠮᠴᠢ ᠠᠵᠢᠯ | ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠠᠢ ᠬᠠᠮᠲᠤᠷᠠᠨ ᠴᠠᠶᠢᠳᠠᠮ ᠭᠠᠴᠠᠭ᠎ᠠ ᠳᠤ ᠠᠷᠪᠠᠨ ᠡᠳᠦᠷ ᠤᠨ | ᠬᠤᠭᠤᠴᠠᠭ᠎ᠠ ᠲᠠᠢ ᠬᠤᠭᠤᠯᠠ ᠬᠢᠬᠦ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠪᠡ᠃ ᠲᠤᠰ | ᠤᠳᠠᠭᠠᠨ ᠤ ᠠᠵᠢᠯᠯᠠᠭ᠎ᠠ ᠳᠤ ᠱᠣᠣ ᠪᠠᠯᠭᠠᠰᠤ ᠶᠢᠨ ᠡᠯ᠎ᠡ ᠭᠠᠴᠠᠭ᠎ᠠ ᠲᠣᠰᠬᠤᠨ ᠤ 30 ᠭᠠᠷᠤᠶ ᠡᠮᠡᠭᠲᠡᠶᠢᠴᠦᠳ | ᠣᠷᠣᠯᠴᠠᠵᠠᠶ᠃ | | | | | | | | | | | ᠡᠨᠡᠬᠦ ᠲᠣᠭᠤᠭᠠᠴᠢ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠠᠭᠤᠯᠭ᠎ᠠ ᠡᠯᠪᠡᠭ ᠪᠠᠶᠠᠯᠢᠭ ᠣᠯᠠᠨ | ᠶᠠᠩᠵᠤ ᠶᠢᠨ ᠪᠠᠶᠢᠵᠤ᠂ ᠬᠢᠴᠢᠶᠡᠯᠯᠡᠭᠴᠢ ᠪᠠᠭᠰᠢ ᠨᠠᠷ ᠠᠴᠠ ᠬᠢᠲᠤᠭ᠎ᠠ ᠪᠠᠭᠠᠵᠢ ᠶᠢ ᠪᠣᠯᠪᠠᠰᠤᠷᠠᠩᠭᠤᠶ ᠬᠡᠷᠡᠭᠯᠡᠬᠦ᠂ | ᠭᠠᠯ ᠤᠨ ᠬᠥᠭ ᠢ ᠣᠨᠣᠪᠴᠢᠲᠠᠶ ᠲᠣᠬᠢᠷᠠᠭᠤᠯᠬᠤ ᠠᠴᠠ ᠦᠨᠦᠷ ᠠᠮᠲᠠ ᠶᠢ ᠡᠪᠲᠡᠶ ᠵᠣᠬᠢᠴᠠᠭᠤᠯᠬᠤ ᠵᠡᠷᠭᠡ ᠬᠤᠭᠤᠯᠠ | ᠪᠠᠵᠠᠭᠠᠬᠤ ᠤᠷ᠎ᠠ ᠮᠡᠷᠭᠡᠵᠢᠯ ᠢ ᠠᠯᠬᠤᠮ ᠠᠯᠬᠤᠮ ᠢᠶᠠᠷ ᠵᠢᠭᠠᠭᠰᠠᠨ ᠶᠤᠮ᠃ ᠰᠤᠷᠤᠭᠴᠢᠳ ᠥᠪᠡᠷ ᠢᠶᠠᠨ ᠭᠠᠷ | ᠬᠥᠳᠡᠯᠦᠨ ᠬᠤᠭᠤᠯᠠ ᠪᠤᠳᠠᠭ᠎ᠠ ᠪᠠᠵᠠᠭᠠᠬᠤ ᠶᠠᠪᠤᠴᠠ ᠳᠤ᠂ ᠰᠤᠷᠤᠭᠴᠢᠳ ᠪᠠᠭᠰᠢ ᠶᠢᠨ ᠵᠢᠭᠠᠭᠰᠠᠨ ᠶᠣᠰᠣᠭᠠᠷ | ᠨᠠᠷᠢᠯᠢᠭ ᠨᠢᠮᠪᠠᠶ ᠬᠤᠭᠤᠯᠠ ᠪᠠᠵᠠᠭᠠᠵᠤ᠂ ᠠᠯᠢ ᠣᠯᠠᠨ ᠠᠮᠲᠠᠲᠤ ᠢᠳᠡᠭᠡᠨ ᠢ ᠬᠢᠵᠡᠶ᠃ ᠲᠤᠬᠠᠶ ᠶᠢᠨ ᠲᠠᠯᠠᠪᠠᠢ ᠶᠢᠨ | ᠠᠭᠤᠷ ᠠᠮᠢᠰᠬᠤᠯ ᠬᠥᠷ ᠬᠥᠭᠵᠢᠶᠡᠨ ᠲᠠᠢ ᠪᠥᠭᠡᠳ ᠪᠠᠶᠠᠷ ᠬᠥᠷ ᠲᠠᠢ ᠪᠠᠶᠢᠵᠤ᠂ ᠣᠯᠠᠨ ᠢᠶᠠᠷ ᠢᠶᠠᠨ ᠰᠤᠷᠤᠯᠴᠠᠭᠰᠠᠨ | ᠣᠶᠢᠯᠠᠭᠠᠯᠲᠠ ᠲᠥᠷᠥᠭᠳᠡᠯ ᠢᠶᠠᠨ ᠢᠳᠡᠪᠬᠢᠲᠡᠶ ᠰᠣᠯᠢᠯᠴᠠᠵᠤ᠂ ᠬᠤᠭᠤᠯᠠ ᠬᠢᠬᠦ ᠠᠷᠭ᠎ᠠ ᠲᠤᠷᠰᠢᠯᠭ᠎ᠠ ᠪᠠᠨ | ᠬᠤᠪᠢᠶᠠᠯᠴᠠᠵᠤ᠂ ᠬᠤᠭᠤᠯᠠ ᠬᠢᠬᠦ ᠮᠡᠷᠭᠡᠵᠢᠯ ᠤᠨ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠦᠭᠰᠡᠨ ᠢᠶᠠᠷ ᠪᠠᠷᠠᠬᠤ | ᠥᠬᠡᠶ᠂ ᠣᠶᠢᠯᠠᠭᠠᠯᠴᠠᠭ᠎ᠠ ᠰᠣᠯᠢᠯᠴᠠᠭ᠎ᠠ ᠪᠣᠯᠤᠨ ᠨᠥᠬᠦᠷᠯᠡᠯ ᠪᠦᠯᠬᠦᠮᠳᠡᠯ ᠢᠶᠠᠨ ᠤᠯᠠᠮ ᠴᠢᠩᠭᠠᠳᠬᠠᠭᠰᠠᠨ ᠪᠠᠶᠢᠨ᠎ᠠ᠃ | | | | | | | | | | | ᠲᠤᠰ ᠤᠳᠠᠭᠠᠨ ᠤ ᠬᠤᠭᠤᠯᠠ ᠬᠢᠬᠦ ᠤᠷ᠎ᠠ ᠮᠡᠷᠭᠡᠵᠢᠯ ᠤᠨ ᠪᠣᠯᠪᠠᠰᠤᠷᠠᠯ ᠨᠢ ᠣᠯᠠᠨ ᠲᠦᠮᠡᠨ ᠤ ᠠᠵᠢᠯ ᠤᠨ | ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠡᠮᠡᠭᠲᠡᠶᠢᠴᠦᠳ ᠲᠤ ᠨᠢᠭᠡ ᠵᠦᠢᠯ ᠤᠨ ᠤᠷ᠎ᠠ ᠮᠡᠷᠭᠡᠵᠢᠯ | ᠡᠵᠡᠮᠰᠢᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ᠂ ᠠᠷᠠᠳ ᠤᠨ ᠣᠷᠣᠨ ᠰᠠᠭᠤᠴᠠ ᠶᠢᠨ ᠡᠵᠡᠩᠨᠡᠯᠲᠡ ᠵᠡᠷᠭᠡ | ᠬᠦᠷᠢᠶᠡᠨ ᠳᠠᠬᠢ ᠠᠪᠢᠶᠠᠰ ᠴᠢᠳᠠᠪᠤᠷᠢ ᠶᠢ ᠨᠢ ᠪᠠᠳᠠᠷᠠᠭᠤᠯᠵᠤ᠂ ᠠᠳᠠᠯ ᠦᠢᠯᠡᠰ ᠴᠣᠭᠴᠠᠯᠠᠵᠤ ᠠᠵᠢᠯ ᠣᠯᠬᠤ ᠵᠠᠮ ᠢ | ᠥᠷᠭᠡᠳᠬᠡᠨ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠵᠦ᠂ ᠥᠪᠡᠷ ᠤᠨ ᠦᠨ᠎ᠡ ᠥᠷᠲᠡᠭ ᠪᠣᠯᠤᠨ ᠨᠡᠶᠢᠭᠡᠮ ᠤᠨ | ᠪᠠᠶᠢᠷᠢ ᠰᠠᠭᠤᠷᠢ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃ ᠡᠭᠦᠨ ᠤ ᠵᠡᠷᠭᠡ ᠳᠤ᠂ ᠬᠤᠭᠤᠯᠠ ᠬᠢᠬᠦ ᠤᠷ᠎ᠠ | ᠮᠡᠷᠭᠡᠵᠢᠯ ᠤᠨ ᠳᠡᠭᠡᠭᠰᠢᠯᠡᠯᠲᠡ ᠨᠢ ᠭᠡᠷ ᠪᠦᠯᠢ ᠳᠤ ᠨᠢ ᠨᠠᠩ ᠣᠯᠠᠨ ᠬᠠᠯᠠᠭᠤᠨ ᠳᠤᠯᠠᠭᠠᠨ ᠵᠣᠯ ᠵᠢᠷᠭᠠᠯ ᠣᠯᠭᠤᠵᠤ᠂ | ᠭᠡᠷ ᠪᠦᠯᠢ ᠶᠢᠨ ᠡᠶ᠎ᠡ ᠵᠣᠬᠢᠴᠠᠯ ᠢ ᠠᠬᠢᠭᠤᠯᠬᠤ ᠨᠢ ᠯᠠᠪᠲᠠᠶ᠃ | | |