ᠪᠥᠬᠦ ᠬᠤᠰᠢᠭᠤᠨ ᠤ ᠬᠤᠶᠠᠳᠤᠭᠠᠷ ᠬᠤᠭᠤᠴᠠᠭᠠᠨ ᠤ ᠴᠢᠭᠡᠴᠢ ᠵᠠᠰᠠᠭ ᠤᠨ ᠸᠢᠳᠢᠣ᠋ ᠪᠢᠴᠢᠯᠭᠡ ᠶᠢᠨ ᠣᠷᠤᠯᠳᠤᠭᠠᠨ ᠠᠮᠵᠢᠯᠲᠡ ᠲᠠᠢ ᠦᠨᠳᠤᠷᠯᠠᠪᠠ
ᠨᠡᠶᠢᠲᠡᠯᠡᠭᠰᠡᠨ ᠴᠠᠭ᠄
2024/12/3
     11 ᠰᠠᠷ᠎ᠠ ᠶᠢᠨ 29 ᠤ ᠡᠳᠤᠷ᠂ ᠠᠷᠤ ᠬᠤᠷᠴᠢᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠬᠤᠰᠢᠭᠤᠨ ᠬᠠᠮ ᠵᠠᠭᠤᠴᠢᠯᠠᠭᠤᠷ ᠤᠨ ᠲᠥᠪ ᠠᠴᠠ ᠬᠠᠮᠳᠤᠷᠡᠨ ᠡᠷᠬᠢᠯᠡᠭᠰᠡᠨ ︽ᠨᠠᠮ ᠤᠨ ᠲᠦᠷᠢᠮ ᠰᠠᠬᠢᠯᠭ᠎ᠠ ᠲᠡᠷᠭᠡᠳᠡ ᠪᠠᠶᠢᠳᠠᠭ︾ ᠪᠥᠬᠦ ᠬᠤᠰᠢᠭᠤᠨ ᠤ ᠬᠤᠶᠠᠳᠤᠭᠠᠷ ᠬᠤᠭᠤᠴᠠᠭᠠᠨ ᠤ ᠴᠢᠭᠡᠴᠢ ᠵᠠᠰᠠᠭ ᠤᠨ ᠸᠢᠲᠢᠣ᠋ ᠪᠢᠴᠢᠯᠭᠡ ᠶᠢᠨ ᠤᠷᠤᠯᠳᠤᠭᠠᠨ ᠠᠮᠵᠢᠯᠲᠠ ᠲᠠᠢ ᠦᠨᠳᠤᠷᠯᠠᠵᠤ᠂ ᠱᠠᠩᠨᠠᠯ ᠤᠯᠭᠤᠬᠤ ᠶᠣᠰᠤᠯᠠᠯ ᠶᠠᠪᠤᠭᠲᠠᠭᠰᠠᠨ ᠪᠠᠶᠢᠨ᠎ᠠ᠃
     
             ᠣᠷᠤᠯᠳᠤᠭᠠᠨ ᠤ ᠠᠵᠢᠯᠯᠠᠭ᠎ᠠ ᠨᠢ 9 ᠳ᠋ᠣᠭᠡᠷ ᠰᠠᠷ᠎ᠠ ᠳᠤ ᠡᠬᠢᠯᠡᠭᠰᠡᠨ ᠠᠴᠠ ᠨᠠᠭᠠᠰᠢ᠂ ᠨᠡᠶᠢᠭᠡᠮ ᠤᠨ ᠡᠯ᠎ᠡ ᠡᠳᠡᠭᠡᠳ ᠤᠨ ᠠᠩᠬᠠᠷᠤᠯ ᠢ ᠦᠷᠭᠡᠨ ᠢᠶᠠᠷ ᠲᠠᠲᠠᠵᠤ᠂ ᠪᠥᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠦᠲᠦᠭᠡᠯᠭᠡ ᠳᠤ ᠢᠳᠡᠪᠬᠢᠲᠡᠢ ᠣᠷᠣᠯᠴᠠᠵᠦ᠂ ᠦᠵᠡᠭᠳᠡᠯᠲᠤ ᠵᠦᠴᠦᠭᠡ᠂ ᠨᠡᠶᠢᠳᠡ ᠶᠢᠨ ᠠᠰᠠᠷᠠᠮᠵᠢ ᠶᠢᠨ ᠵᠠᠷ ᠮᠡᠳᠡᠭᠡ᠂ ᠪᠢᠴᠢᠯ ᠺᠢᠨᠣ᠋ ᠵᠡᠷᠭᠡ ᠤᠯᠠᠨ ᠬᠡᠯᠪᠡᠷᠢ ᠪᠠᠷ ᠳᠡᠮᠵᠢᠭᠤᠯᠤᠨ᠂ ᠮᠠᠨ ᠤ ᠲᠡᠷᠭᠡᠳᠡ ᠡᠭᠦᠰᠦᠭᠰᠡᠨ ᠴᠢᠭᠡᠴᠢ ᠵᠠᠰᠠᠭ ᠤᠨ ᠦᠯᠢᠭᠡᠷ ᠢ ᠠᠮᠢᠳᠤᠯᠢᠭ ᠢᠶᠠᠷ ᠲᠡᠯᠭᠡᠨ ᠦᠵᠡᠭᠦᠯᠦᠭᠰᠡᠨ ᠪᠠᠶᠢᠨ᠎ᠠ᠃ ᠣᠷᠤᠯᠳᠤᠭᠠᠨ ᠳᠤ ᠨᠡᠶᠢᠳᠠ 40 ᠭᠠᠷᠤᠢ ᠴᠢᠭᠡᠴᠢ ᠵᠠᠰᠠᠭ ᠤᠨ ᠸᠢᠲᠢᠣ᠋ ᠪᠢᠴᠢᠯᠭᠡ  ᠶᠢ ᠬᠤᠷᠢᠶᠠᠨ ᠣᠯᠵᠤ᠂ ᠨᠠᠷᠢᠨ ᠰᠤᠩᠭᠤᠯᠲᠠ ᠪᠠᠷ ᠲᠠᠮᠵᠢᠨ 16 ᠪᠦᠲᠦᠭᠡᠯ ᠰᠢᠢᠣᠡᠪᠣᠷᠢᠳᠤ ᠣᠷᠤᠯᠳᠤᠭᠠᠨ ᠳᠤ ᠳᠠᠪᠰᠢᠨ ᠣᠷᠣᠭᠰᠠᠨ ᠪᠠᠶᠢᠨ᠎ᠠ᠃
     
             ᠪᠤᠰᠤᠳᠴᠢ ᠪᠥᠭᠡᠳ ᠲᠥᠪ ᠭᠤᠣᠯᠴᠢ ᠪᠠᠷ ᠰᠢᠯᠢᠳᠡᠭ ᠪᠦᠲᠦᠭᠡᠯ ᠢ ᠰᠤᠩᠭᠤᠨ ᠰᠢᠯᠭᠠᠷᠠᠭᠤᠯᠬᠤ ᠶᠢᠨ ᠲᠦᠯᠥᠭᠡ᠂ ᠣᠷᠣᠯᠳᠤᠭᠠᠨ ᠳᠤ ᠬᠤᠰᠢᠭᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠬᠠᠮ ᠵᠠᠭᠤᠴᠢᠯᠠᠭᠤᠷ ᠤᠨ ᠲᠥᠪ᠂ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠯᠪᠠᠨ ᠭᠡᠷ᠂ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠺᠢᠨᠣ᠋ ᠲᠧᠯᠸᠢᠰ ᠦᠢᠯᠡᠳᠬᠦ ᠺᠣᠮᠫᠠᠨᠢ ᠵᠡᠷᠭᠡ ᠨᠢᠭᠡᠴᠡ ᠶᠢᠨ ᠲᠣᠰᠬᠠᠢ ᠮᠡᠷᠭᠡᠵᠢᠯ ᠤᠨ ᠬᠦᠮᠤᠰ ᠢ ᠤᠷᠢᠵᠤ ᠬᠢᠨᠠᠭᠴᠢ ᠶᠢᠨ ᠪᠦᠯᠭᠦᠮ ᠪᠠᠶᠢᠭᠤᠯᠤᠨ᠂ ᠪᠦᠲᠦᠭᠡᠯ ᠤᠨ  ᠭᠤᠣᠯ  ᠰᠡᠲᠤᠪ᠂  ᠪᠢᠯᠢᠮ  ᠨᠠᠶᠢᠷᠠᠭᠤᠯᠭ᠎ᠠ᠂ ᠠᠭᠤᠯᠭ᠎ᠠ ᠶᠢᠨ ᠪᠦᠳᠦᠭᠡᠯᠴᠢ ᠰᠡᠳᠭᠢᠮᠵᠢ᠂ ᠦᠯᠢᠭᠡᠷ ᠳᠡᠪᠲᠡᠷ ᠢ ᠨᠠᠶᠢᠷᠠᠭᠤᠯᠤᠨ ᠵᠢᠭᠰᠠᠭᠠᠬᠤ᠂ ᠬᠠᠷᠠᠭᠠᠨ ᠰᠠᠷᠠᠯ ᠤᠨ ᠦᠷ᠎ᠡ ᠪᠦᠲᠣᠮᠵᠢ᠂ ᠳᠠᠭᠤᠨ ᠳᠠᠪᠳᠡᠮᠵᠢ ᠶᠢᠨ  ᠰᠢᠢᠣᠡᠪᠣᠷᠢᠯᠡᠯᠳᠡ ᠵᠡᠷᠭᠡ 6 ᠲᠠᠯ᠎ᠠ ᠠᠴᠠ ᠶᠡᠷᠤᠩᠬᠡᠶᠢᠯᠡᠭᠰᠡᠨ ᠦᠨᠡᠯᠡᠯᠲᠡ ᠬᠢᠬᠦ ᠶᠢᠨ ᠬᠠᠮᠲᠤ ᠰᠢᠢᠣᠡᠪᠣᠷᠢᠳᠣ ᠣᠷᠤᠯᠳᠤᠭᠠᠨ ᠤ ᠠᠬᠤᠢ ᠲᠠᠯᠠᠪᠠᠢ ᠳᠤ ᠬᠤᠪᠢ ᠣᠯᠭᠤᠪᠠ᠃
     
             ᠰᠢᠢᠣᠡᠪᠣᠷᠢᠳᠣ ᠤᠷᠤᠯᠳᠤᠭᠠᠨ ᠤ ᠠᠬᠤᠢ ᠲᠠᠯᠠᠪᠠᠢ ᠳᠤ᠂ ᠲᠣᠳᠤᠭᠠᠲᠤ ᠶᠢ ᠬᠠᠮᠠᠭᠠᠯᠬᠤ᠂ ᠭᠠᠶᠢᠯᠢ ᠶᠢᠨ ᠶᠠᠪᠤᠳᠠᠯ᠂ ᠬᠤᠲᠠ ᠶᠢᠨ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ ᠵᠡᠷᠭᠡ ᠪᠦᠬᠦ ᠬᠤᠰᠢᠭᠤᠨ ᠤ ᠤᠯᠠᠨ ᠠᠵᠢᠯ ᠲᠦᠷᠤᠯ ᠤᠨ ᠬᠢᠨ ᠤ ᠲᠦᠯᠥᠭᠡᠯᠡᠭᠴᠢ ᠪᠦᠲᠦᠭᠡᠯ ᠬᠤᠶᠢᠨ᠎ᠠ ᠬᠤᠶᠢᠨ᠎ᠠ ᠠᠴᠠ ᠪᠠᠨ ᠨᠡᠶᠢᠳᠡᠯᠡᠭᠳᠡᠵᠦ᠂ ᠭᠦᠨ ᠬᠦᠨᠵᠡᠭᠡᠢ ᠶᠤᠭᠳᠠᠯᠡᠯ ᠲᠠᠢ᠂ ᠬᠦᠮᠤᠰ ᠢ ᠭᠦᠨ ᠰᠡᠣᠡᠬᠢᠬᠦᠯᠬᠦ ᠪᠤᠶᠦ ᠱᠤᠭ ᠶᠦᠮᠦᠷᠯᠢᠭ ᠪᠠᠶᠢᠵᠤ᠂ ᠭᠤᠣᠯ ᠰᠡᠲᠤᠪ  ᠲᠡᠭᠡᠨ ᠰᠢᠭᠤᠳ ᠴᠢᠭᠯᠡᠨ᠂ ᠪᠦᠲᠦᠭᠡᠯᠴᠢ ᠰᠡᠳᠬᠢᠮᠵᠢ ᠶᠢᠨ ᠳᠤᠮᠳᠠ ᠵᠢᠭᠠᠨ ᠰᠤᠷᠭᠠᠬᠤ᠂ ᠦᠢᠯᠡᠣᠡᠬᠦ ᠶᠠᠪᠤᠴᠠ ᠳᠤ ᠵᠢᠭᠠᠨ ᠰᠤᠷᠭᠠᠬᠤ᠂ ᠦᠵᠡᠬᠦ ᠶᠠᠪᠤᠴᠠ ᠳᠤ ᠵᠢᠭᠠᠨ ᠰᠤᠷᠭᠠᠬᠤ᠂ ᠤᠬᠠᠭᠤᠯᠬᠤ ᠶᠠᠪᠤᠴᠠ ᠳᠤ ᠵᠢᠭᠠᠨ ᠰᠤᠷᠭᠠᠬᠤ ᠪᠦᠬᠦ ᠲᠠᠯ᠎ᠠ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠤᠬᠠᠭᠤᠯᠭ᠎ᠠ ᠬᠦᠮᠤᠵᠢᠯ ᠤᠨ ᠦᠷ᠎ᠡ ᠪᠦᠲᠣᠮᠵᠢ ᠳᠤ ᠬᠦᠷᠥᠭᠰᠡᠨ ᠪᠠᠶᠢᠨ᠎ᠠ᠃
       ᠬᠤᠷᠴᠠ ᠰᠢᠷᠤᠭᠦᠨ ᠦᠷᠢᠰᠤᠯᠳᠤᠭᠡᠨ ᠤ ᠡᠴᠣᠰ ᠲᠤ᠂ ᠪᠦᠲᠦᠭᠡᠯ ︽ᠢᠯᠠᠭ᠎ᠠ ᠶᠢᠨ ᠬᠤᠣᠷ︾ ᠨᠢᠭᠡᠳᠦᠭᠡᠷ ᠳᠡᠰ ᠲᠤ ᠳᠣᠲᠣᠷᠡᠨ᠂ ︽ᠥᠴᠦᠭᠡᠨ ᠲᠦᠭᠦᠷᠡᠩ ᠨᠢ ᠲᠦᠭᠦᠷᠡᠩ ᠪᠣᠯᠤᠭ᠎ᠠ ᠦᠭᠡᠢ︾᠂ ︽ᠰᠤᠩᠭᠤᠯᠲᠠ︾ ᠬᠤᠶᠠᠳᠤᠭᠠᠷ ᠲᠡᠰ ᠲᠤ ᠲᠤᠳᠤᠷᠠᠵᠤ᠂ ︽ᠬᠦᠮᠤᠨ ᠤ ᠠᠮᠢᠳᠤᠷᠠᠯ ᠳᠤ ᠪᠤᠴᠠᠬᠤ ᠶᠢᠨ ᠵᠠᠮ ᠪᠠᠶᠢᠬᠤ ᠦᠭᠡᠢ︾᠂ ︽︿ᠭᠠᠪᠠ﹀ ᠶᠢᠨ ᠰᠢᠯᠭᠠᠯᠲᠠ︾᠂ ︽︿ᠠᠯᠠᠭ᠎ᠠ ᠪᠣᠯᠣᠭᠰᠠᠨ﹀ ᠳᠠᠭᠠᠳᠬᠠᠯ︾ ᠭᠤᠷᠪᠠᠳᠤᠭᠠᠷ ᠲᠡᠰ ᠲᠤ ᠲᠣᠳᠣᠷᠬᠠᠰᠡᠨ ᠪᠥᠭᠡᠳ ᠰᠢᠯᠢᠳᠡᠭ ᠳᠡᠰ ᠤᠨ ᠱᠠᠩᠨᠠᠯ ᠳᠤ 10 ᠪᠦᠲᠦᠭᠡᠯ ᠰᠢᠯᠭᠠᠷᠠᠭᠤᠯᠤᠨ᠂ ᠣᠤ ᠮᠥᠷᠡᠨ ᠵᠡᠭᠡᠯᠢ ᠭᠤᠳᠣᠮᠵᠢ ᠰᠢᠯᠢᠳᠡᠭ ᠵᠣᠬᠢᠶᠠᠨ ᠪᠠᠶᠢᠭᠤᠯᠤᠯᠲᠠ ᠪᠠᠷ ᠱᠠᠩᠨᠠᠨ ᠬᠥᠬᠢᠭᠦᠯᠦᠭᠳᠡᠭᠰᠡᠨ ᠪᠠᠶᠢᠨ᠎ᠠ᠃
       
             ᠲᠣᠰ ᠤᠳᠠᠭᠠᠨ ᠤ ᠴᠢᠭᠡᠴᠢ ᠵᠠᠰᠠᠭ ᠤᠨ ᠸᠢᠳᠢᠣ᠋ ᠪᠢᠴᠢᠯᠭᠡ ᠶᠢᠨ ᠤᠷᠤᠯᠳᠤᠭᠠᠨ ᠨᠢ ᠠᠷᠢᠭᠤᠨ ᠴᠢᠭᠡᠴᠢ ᠰᠣᠶᠣᠯ ᠤᠨ ᠪᠠᠶᠢᠭᠤᠯᠤᠯᠲᠠ ᠶᠢᠨ ᠠᠴᠢᠶᠠᠯᠠᠪᠤᠷᠢ ᠪᠠ ᠠᠭᠤᠯᠤᠡᠡᠳᠠᠬᠤᠨ ᠢ ᠪᠠᠶᠠᠯᠢᠭᠵᠢᠭᠤᠯᠵᠤ᠂ ᠠᠷᠢᠭᠤᠨ ᠴᠢᠭᠡᠴᠢ ᠰᠣᠶᠣᠯ ᠢ ᠨᠡᠩ ᠠᠮᠢᠳᠤᠯᠢᠭ ᠪᠣᠯᠭᠠᠨ᠂ ᠶᠣᠰᠤ ᠰᠤᠷᠳᠠᠬᠤᠨ ᠢ ᠡᠷᠬᠢᠮᠯᠡᠨ ᠠᠷᠢᠭᠤᠨ ᠴᠢᠭᠡᠴᠢ ᠶᠢ ᠡᠷᠬᠢᠮᠯᠡᠬᠦ᠂ ᠠᠷᠢᠭᠤᠨ ᠴᠢᠭᠡᠴᠢ ᠶᠢ ᠡᠷᠬᠢᠮᠯᠡᠨ ᠢᠯᠵᠡᠷᠠᠯ ᠢ ᠡᠰᠡᠷᠭᠦᠴᠡᠬᠦ ᠠᠭᠤᠷ ᠠᠮᠢᠰᠬᠤᠯ ᠢ  ᠭᠦᠢᠴᠡᠣᠨ ᠪᠣᠢ ᠪᠣᠯᠭᠠᠵᠤ᠂ ᠠᠷᠢᠭᠤᠨ ᠴᠢᠭᠡᠴᠢ ᠰᠣᠶᠣᠯ ᠤᠨ ᠳᠠᠮᠵᠢᠭᠤᠯᠬᠤ ᠬᠦᠴᠣᠨ ᠪᠠ  ᠨᠦᠯᠥᠭᠡᠯᠡᠬᠦ  ᠬᠦᠴᠣᠨ ᠢ  ᠦᠨᠡᠨ  ᠬᠦ  ᠳᠡᠭᠡᠭᠰᠢᠯᠡᠭᠦᠯᠵᠦ᠂ ᠠᠷᠤ ᠬᠤᠷᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠷᠢᠭᠤᠨ ᠴᠢᠭᠡᠴᠢ ᠶᠢᠨ ᠬᠦᠴᠦᠨ ᠴᠢᠳᠠᠯ ᠢᠶᠠᠨ ᠡᠷᠭᠦᠪᠡ᠃ ︵ᠯᠢᠦ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号