ᠠᠷᠤ ᠬᠤᠷᠴᠢᠨ ᠬᠤᠰᠢᠭᠤᠨ ᠤ ᠲᠦᠯᠥᠭᠡᠯᠡᠭᠴᠢᠳ ᠤᠨ ᠠᠩᠭᠢ ᠪᠥᠬᠦ ᠣᠷᠣᠨ ᠤ ᠣᠷᠤᠯᠳᠤᠭᠠᠨ ᠳᠤ ᠦᠨᠳᠣᠷ ᠠᠮᠵᠢᠯᠲᠠ ᠤᠯᠪᠠ
ᠨᠡᠶᠢᠲᠡᠯᠡᠭᠰᠡᠨ ᠴᠠᠭ᠄
2024/12/3
       ᠣᠶᠢᠷ᠎ᠠ ᠶᠢᠨ ᠡᠳᠤᠷ᠂ ᠥᠪᠣᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠢᠮᠵᠢᠯ ᠬᠢᠲᠠᠳ ᠦᠰᠦᠭ ᠤᠨ ᠰᠣᠨᠣᠰᠴᠤ ᠪᠢᠴᠢᠬᠦ ᠣᠷᠤᠯᠳᠤᠭᠠᠨ ᠬᠥᠬᠡᠬᠤᠲᠠ ᠳᠤ ᠥᠪᠡᠲᠡᠭᠰᠢ ᠶᠡᠭᠡ ᠪᠠᠷ ᠶᠠᠪᠤᠭᠳᠠᠯ᠎ᠠ᠃ ᠬᠤᠰᠢᠭᠤ ᠰᠢᠶᠠᠨ᠂ ᠠᠶᠢᠮᠠᠭ ᠬᠤᠲᠠ ᠶᠢᠨ ᠱᠠᠲᠤ ᠲᠠᠷᠠᠭᠠᠯᠠᠭᠰᠠᠨ ᠣᠷᠤᠯᠳᠤᠭᠠᠨ ᠤ ᠰᠢᠯᠭᠠᠷᠠᠭᠤᠯᠤᠯᠲᠠ ᠪᠠᠷ ᠳᠠᠮᠵᠢᠨ᠂ ᠪᠥᠬᠦ ᠣᠷᠣᠨ ᠤ 120 ᠭᠠᠷᠤᠢ ᠲᠦᠯᠥᠭᠡᠯᠡᠭᠴᠢᠳ ᠤᠨ ᠠᠩᠬᠢ ᠲᠣᠰ ᠲᠣᠰ ᠪᠠᠭᠰᠢ ᠶᠢᠨ ᠲᠣᠭᠤᠶᠢᠯᠠᠩ᠂ ᠶᠡᠭᠡ ᠲᠡᠭᠡᠲᠤ ᠰᠤᠷᠭᠠᠭᠤᠯᠢ ᠶᠢᠨ ᠲᠤᠭᠤᠶᠢᠯᠠᠩ᠂ ᠲᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠤᠭᠤᠶᠢᠯᠠᠩ᠂ ᠦᠨᠳᠣᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠳᠤᠭᠤᠶᠢᠯᠠᠩ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠭᠤᠶᠢᠯᠠᠩ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠶᠢᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠲᠤᠭᠤᠶᠢᠯᠠᠩ ᠵᠡᠷᠭᠡ ᠲᠣᠭᠤᠶᠢᠯᠠᠩ ᠤᠨ ᠰᠢᠢᠣᠡᠪᠣᠷᠢᠳᠣ ᠣᠷᠤᠯᠳᠤᠭᠠᠨ ᠳᠤ ᠣᠷᠤᠯᠴᠠᠪᠠ᠃ ᠲᠤᠭᠤᠶᠢᠯᠠᠩ ᠪᠦᠷᠢ ᠳᠤ ᠠᠶᠢᠮᠠᠭ ᠬᠤᠳᠠ ᠪᠦᠷᠢ ᠠᠴᠠ ᠵᠥᠪᠬᠡᠨ ᠨᠢᠭᠡ ᠲᠦᠯᠥᠭᠡᠯᠡᠭᠴᠢᠳ ᠤᠨ ᠠᠩᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠢᠣᠡᠪᠣᠷᠢᠳᠣ ᠣᠷᠣᠯᠳᠤᠭᠠᠨ ᠳᠤ ᠤᠷᠤᠯᠴᠬᠠᠰᠡᠨ ᠪᠠᠶᠢᠨ᠎ᠠ᠃
       ᠠᠷᠤ ᠬᠤᠷᠴᠢᠨ ᠬᠤᠰᠢᠭᠤᠨ ᠤ ᠴᠢᠪᠠᠭ᠎ᠠ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠶᠢᠨ ᠳᠣᠭᠤᠶᠢᠯᠠᠩ ᠪᠣᠯᠣᠨ ᠴᠢᠪᠠᠭ᠎ᠠ ᠳᠥᠷᠪᠡᠳᠦᠭᠡᠷ ᠳᠤᠮᠳᠠᠲᠤ ᠰᠤᠷᠭᠠᠭᠤᠯᠢ᠂ ᠴᠢᠪᠠᠭ᠎ᠠ ᠬᠤᠶᠠᠳᠤᠭᠠᠷ ᠪᠠᠭ᠎ᠠ ᠰᠤᠷᠭᠠᠭᠤᠯᠢ ᠶᠢᠨ ᠰᠤᠷᠣᠭᠴᠢ ᠶᠢᠨ ᠲᠤᠭᠤᠶᠢᠯᠠᠩ ᠲᠣᠰ ᠲᠣᠰ ᠤᠯᠠᠭᠠᠡᠬᠠᠳᠠ ᠬᠤᠳᠠ ᠶᠢ ᠲᠦᠯᠥᠭᠡᠯᠡᠨ ᠪᠠᠭᠰᠢ ᠶᠢᠨ ᠲᠤᠭᠤᠶᠢᠯᠠᠩ᠂ ᠠᠩᠬ᠎ᠠ ᠵᠡᠷᠭᠡ ᠶᠢᠨ ᠲᠣᠮᠳᠠᠳᠤ ᠰᠤᠷᠭᠠᠭᠤᠯᠢ ᠶᠢᠨ ᠰᠣᠷᠣᠭᠴᠢ ᠶᠢᠨ ᠲᠣᠭᠤᠶᠢᠯᠠᠩ᠂ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠤᠭᠤᠶᠢᠯᠠᠩ ᠤᠨ ᠦᠪᠡᠷᠳᠡᠭᠡᠨ ᠵᠠᠰᠠᠬᠤ ᠣᠷᠣᠨ ᠤ ᠲᠡᠰ ᠤᠨ ᠰᠢᠢᠣᠡᠪᠣᠷᠢᠳᠣ ᠣᠷᠤᠯᠳᠤᠭᠠᠨ ᠳᠤ ᠣᠷᠣᠯᠴᠠᠵᠠᠢ᠃
       ᠣᠷᠤᠯᠳᠤᠭᠠᠨ ᠢᠶᠠᠷ ᠳᠠᠮᠵᠢᠨ᠂ ᠴᠢᠪᠠᠭ᠎ᠠ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠶᠢᠨ ᠲᠤᠭᠤᠶᠢᠯᠠᠩ ᠪᠦᠬᠦ ᠣᠷᠣᠨ ᠤ ᠪᠠᠭᠰᠢ ᠶᠢᠨ ᠲᠤᠭᠤᠶᠢᠯᠠᠩ ᠤᠨ ᠣᠷᠤᠯᠳᠤᠭᠠᠨ ᠳᠤ ᠲᠡᠳ᠋ᠯᠡᠵᠤ᠂ ᠴᠢᠪᠠᠭ᠎ᠠ ᠳᠥᠷᠪᠡᠳᠦᠭᠡᠷ ᠳᠤᠮᠳᠠᠲᠤ ᠰᠤᠷᠭᠠᠭᠤᠯᠢ ᠶᠢᠨ ᠰᠣᠷᠣᠭᠴᠢ ᠶᠢᠨ ᠲᠤᠭᠤᠶᠢᠯᠠᠩ ᠪᠥᠬᠦ ᠣᠷᠣᠨ ᠤ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠣᠷᠣᠭᠴᠢ ᠶᠢᠨ ᠲᠣᠭᠤᠶᠢᠯᠠᠩ ᠤᠨ ᠣᠷᠤᠯᠳᠤᠭᠠᠨ ᠳᠤ ᠲᠠᠷᠢᠭᠦᠯᠠᠵᠤ᠂ ᠴᠢᠪᠠᠭ᠎ᠠ ᠬᠤᠶᠠᠳᠤᠭᠠᠷ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠤᠭᠤᠶᠢᠯᠠᠩ ᠪᠥᠬᠦ ᠣᠷᠣᠨ ᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠲᠣᠭᠤᠶᠢᠯᠠᠩ ᠤᠨ ᠣᠷᠤᠯᠳᠤᠭᠠᠨ ᠤ ᠰᠢᠯᠢᠳᠡᠭ ᠲᠤ ᠳᠣᠲᠤᠷᠠᠪᠠ᠃
       ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠬᠡᠷᠡᠭᠯᠡᠬᠦ᠂ ᠨᠠᠶᠢᠳᠡᠯᠢᠭ ᠬᠡᠯᠡ ᠪᠠᠷ ᠶᠠᠷᠢᠬᠤ᠂ ᠲᠦᠷᠢᠮᠵᠢᠯ ᠬᠢᠲᠠᠳ ᠦᠰᠦᠭ ᠢ ᠬᠡᠷᠡᠭᠯᠡᠬᠦ ᠪᠣᠯ ᠲᠣᠮᠳᠠᠲᠤ ᠶᠢᠨ ᠦᠨᠳᠣᠰᠣᠳᠠᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠣ ᠴᠤᠭᠴᠠᠯᠠᠬᠤ ᠰᠠᠭᠤᠷᠢ ᠢᠡᠵᠧᠨᠧᠷᠢᠩ ᠮᠥᠨ᠃ ᠠᠷᠤ ᠬᠤᠷᠴᠢᠨ ᠬᠤᠰᠢᠭᠤᠨ ᠤ ᠰᠤᠷᠭᠠᠨ ᠬᠥᠮᠣᠵᠢᠯ ᠤᠨ ᠲᠣᠪᠴᠢᠶ᠎ᠠ ᠤᠷᠢᠳ ᠬᠤᠵᠢᠳ ᠨᠠᠢᠮᠠᠨ ᠬᠤᠭᠤᠴᠠᠭ᠎ᠠ ᠬᠢᠳᠠᠳ ᠦᠰᠣᠭ᠌ ᠤᠨ ᠰᠤᠨᠣᠰᠴᠤ ᠪᠢᠴᠢᠬᠦ ᠣᠷᠤᠯᠳᠤᠭᠠᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ ᠪᠠᠭᠰᠢ ᠰᠤᠷᠤᠭᠴᠢᠳ ᠤᠨ ᠨᠡᠶᠢᠲᠡᠯᠢᠭ ᠬᠡᠯᠡ  ᠪᠠᠷ ᠰᠠᠶᠢᠲᠤᠷ ᠶᠠᠷᠢᠬᠤ᠂ ᠬᠢᠲᠠᠳ ᠦᠰᠦᠭ ᠢ ᠵᠥᠪ ᠲᠠᠨᠢᠵᠤ ᠴᠡᠭᠡᠵᠢᠯᠡᠬᠦ᠂ ᠲᠦᠷᠢᠮᠵᠢᠯ ᠬᠢᠲᠠᠳ ᠦᠰᠦᠭ ᠪᠢᠴᠢᠬᠦ ᠵᠡᠷᠭᠡ ᠲᠠᠯ᠎ᠠ ᠪᠠᠷ ᠬᠦᠢᠴᠡᠳ ᠬᠦᠴᠦᠯᠠᠨ ᠵᠢᠯᠤᠭᠤᠳᠤᠯᠭ᠎ᠠ ᠦᠭᠴᠦ᠂ ᠪᠦᠬᠦ ᠬᠤᠰᠢᠭᠤᠨ ᠤ ᠪᠠᠭᠰᠢ ᠨᠠᠷ ᠤᠨ ᠨᠢᠭᠡᠳᠦᠯᠲᠠᠢ ᠨᠡᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠬᠡᠷᠡᠭᠯᠡᠨ ᠵᠢᠭᠠᠨ ᠰᠤᠷᠭᠠᠯᠲᠠ ᠦᠷᠨᠢᠭᠦᠯᠬᠦ᠂ ᠨᠡᠶᠢᠳᠡᠮ ᠬᠡᠷᠡᠭᠯᠡᠬᠦ ᠦᠭᠡ ᠬᠡᠯᠡ ᠪᠠᠷ ᠬᠢᠴᠢᠶᠡᠯᠯᠡᠬᠦ ᠶᠢ ᠬᠦᠴᠣᠲᠡᠢ ᠠᠬᠢᠭᠤᠯᠤᠨ᠂ ᠰᠤᠷᠣᠭᠴᠢᠳ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠮᠡᠳᠡᠯᠭᠡ ᠰᠤᠷᠤᠯᠴᠠᠵᠤ ᠣᠯᠣᠯᠴᠠᠨ ᠰᠣᠯᠢᠯᠴᠠᠬᠤ ᠵᠡᠷᠭᠡ ᠴᠢᠳᠠᠪᠤᠷᠢ ᠶᠢᠨ ᠬᠢᠷᠢ ᠲᠦᠪᠰᠢᠨ ᠢ ᠶᠡᠬᠡᠲᠡ ᠳᠡᠭᠡᠭᠰᠢᠯᠡᠭᠦᠯᠪᠠ᠃
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号