ᠠᠷᠤ ᠬᠤᠷᠴᠢᠨ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠦᠵᠣᠷ ᠤᠨ ᠤᠷᠤᠯᠳᠤᠭᠠᠨ ᠤᠳᠬ᠎ᠠ ᠲᠡᠭᠦᠯᠳᠡᠷ ᠡᠬᠢᠯᠡᠯ᠎ᠡ
ᠨᠡᠶᠢᠲᠡᠯᠡᠭᠰᠡᠨ ᠴᠠᠭ᠄
2024/12/3
       ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠠᠵᠢᠯ ᠤᠨ ᠴᠢᠯᠤᠭᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠡᠡᠵᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠭᠦᠯᠬᠦ ᠶᠢᠨ ᠲᠦᠯᠥᠭᠡ᠂ 11 ᠰᠠᠷ᠎ᠠ ᠶᠢᠨ 30 ᠤ ᠡᠳᠤᠷ᠂ ᠠᠷᠤ ᠬᠤᠷᠴᠢᠨ ᠬᠤᠰᠢᠭᠤᠨ ᠤ ᠠᠩᠬᠠᠳᠣᠭᠠᠷ ᠬᠤᠭᠤᠴᠠᠭᠠᠨ ᠤ ︽ᠣᠤ ᠲᠢ︾ ᠬᠤᠨᠳᠠᠭᠠᠲᠤ ᠬᠦᠵᠦᠷ ᠤᠨ ᠣᠷᠤᠯᠳᠤᠭᠠᠨ ᠵᠢᠩᠬᠢᠨᠢ ᠪᠠᠷ ᠡᠬᠢᠯᠠᠵᠤ᠂ ᠬᠠᠷᠢᠶᠠᠲᠤ ᠣᠷᠣᠨ ᠤ ᠵᠠᠭᠤ ᠰᠢᠬᠠᠮ ᠰᠠᠭᠤᠭᠠᠯᠢ ᠠᠷᠠᠳ ᠣᠷᠣᠯᠳᠤᠭᠠᠨ ᠳᠤ ᠣᠷᠣᠯᠴᠠᠪᠠ᠃
       ᠡᠨᠡᠬᠦ ᠬᠦᠵᠦᠷ ᠤᠨ ᠤᠷᠤᠯᠳᠤᠭᠠᠨ ᠨᠢ ᠴᠢᠩᠭ᠎ᠠ ᠨᠢᠮᠪᠠᠢ ᠬᠦᠵᠣᠷ ᠤᠨ ᠳᠦᠷᠢᠮ ᠭᠤᠷᠢᠮ ᠶᠣᠰᠣᠭᠠᠷ ᠶᠠᠪᠤᠭᠳᠠᠵᠤ᠂ ᠡᠷᠬᠡ ᠲᠡᠭᠰᠢ ᠪᠠᠶᠢᠬᠤ ᠶᠢ ᠪᠠᠲᠤᠯᠠᠬᠤ ᠶᠢᠨ ᠲᠤᠯᠠᠲᠠ ᠰᠢᠪᠠᠭ᠎ᠠ ᠰᠣᠭᠤᠯᠬᠤ ᠬᠡᠯᠪᠡᠷᠢ ᠪᠠᠷ ᠣᠷᠤᠯᠳᠤᠵᠠᠢ᠃ ᠬᠦᠵᠦᠷ ᠤᠨ ᠣᠷᠣᠯᠳᠤᠭᠠᠨ ᠪᠠᠴᠢᠮ ᠲᠤᠯᠭᠠᠮ᠎ᠠ ᠪᠦᠭᠡᠳ ᠬᠦᠷ ᠬᠦᠭᠵᠢᠶᠡᠨ ᠲᠠᠢ ᠶᠠᠪᠤᠭᠳᠠᠵᠤ᠂ ᠣᠷᠣᠯᠳᠤᠭᠠᠨ ᠳᠤ ᠣᠷᠣᠯᠴᠠᠭᠰᠠᠳ ᠣᠶᠣᠨ ᠤᠬᠠᠭᠠᠨ ᠢᠶᠠᠨ ᠰᠢᠪᠬᠠᠵᠤ᠂ ᠠᠷᠭ᠎ᠠ ᠤᠬᠠᠭᠠᠨ ᠪᠣᠯᠣᠨ ᠰᠡᠳᠭᠢᠯ ᠤᠨ ᠬᠦᠴᠤ ᠲᠠᠮᠢᠷ ᠢᠶᠠᠨ ᠮᠡᠳᠭᠡᠯᠴᠡᠭᠰᠡᠨ ᠪᠠᠶᠢᠨ᠎ᠠ᠃ ᠬᠤᠷᠴᠠ ᠰᠢᠷᠤᠬᠦᠨ ᠣᠷᠤᠯᠳᠤᠭᠠᠨ ᠤ ᠳᠤᠮᠳᠠ᠂ ᠣᠷᠤᠯᠳᠤᠭᠠᠨ ᠳᠤ ᠣᠷᠤᠯᠴᠠᠭᠰᠠᠳ ᠬᠠᠷᠢᠯᠴᠠᠨ ᠵᠥᠪᠳᠡᠯᠴᠠᠵᠤ᠂ ᠬᠠᠷᠢᠯᠴᠠᠨ ᠬᠦᠨᠳᠤᠳᠭᠡᠵᠦ᠂ ᠦᠵᠡᠭᠴᠢᠳ ᠠᠴᠠ ᠪᠠᠰᠠ ᠣᠷᠣᠯᠴᠠᠭᠰᠠᠳ ᠲᠤ ᠡᠷᠴᠢ ᠬᠦᠴᠤ ᠨᠠᠮᠠᠵᠤ᠂ ᠪᠦᠬᠦᠶᠢᠯᠡ ᠬᠦᠳᠡᠯᠭᠡᠭᠡᠨ ᠤ ᠠᠬᠤᠢ ᠲᠠᠯᠡᠪᠡᠢ ᠶᠢᠨ ᠠᠭᠤᠷ ᠠᠮᠢᠰᠬᠤᠯ ᠡᠶ᠎ᠡ ᠵᠣᠬᠢᠴᠡᠯ ᠲᠠᠢ ᠪᠥᠭᠡᠳ ᠬᠦᠷ ᠬᠦᠭᠵᠢᠶᠠᠨ ᠲᠠᠢ ᠪᠠᠶᠢᠯ᠎ᠠ᠃
       ᠠᠵᠢᠯᠯᠠᠭ᠎ᠠ ᠨᠢ ᠨᠥᠭᠦᠷᠯᠡᠯ ᠨᠢᠭᠡᠳᠦᠭᠡᠷ ᠤᠷᠤᠯᠳᠤᠭᠠᠨ ᠬᠤᠶᠠᠳᠤᠭᠠᠷ ᠭᠡᠬᠦ ᠵᠠᠷᠴᠢᠮ ᠢᠶᠠᠷ ᠡᠪ ᠨᠠᠶᠢᠷ ᠲᠠᠢ ᠶᠠᠪᠤᠭᠳᠠᠵᠤ᠂ ᠤᠷᠤᠯᠳᠤᠭᠠᠨ ᠤ ᠳ᠋ᠦᠩ ᠶᠠᠮᠠᠷ ᠪᠠᠶᠢᠭᠰᠠᠨ ᠴᠤ᠂ ᠤᠯᠠᠨ ᠢᠶᠠᠷ ᠢᠶᠠᠨ ᠲᠤᠷᠰᠢᠯᠭ᠎ᠠ ᠰᠤᠷᠭᠠᠮᠵᠢ ᠪᠠᠨ ᠬᠠᠷᠢᠯᠴᠠᠨ ᠰᠣᠯᠢᠯᠴᠠᠭᠰᠠᠨ ᠪᠠᠶᠢᠯ᠎ᠠ᠃ ᠲᠣᠰ ᠤᠳᠠᠭᠠᠨ ᠤ ᠣᠷᠣᠯᠳᠤᠭᠠᠨ ᠨᠢ ᠬᠦᠵᠣᠷ ᠤᠨ ᠪᠠᠭ᠋ᠠᠳᠠᠤᠨ ᠲᠤ ᠳᠡᠯᠭᠡᠨ ᠦᠵᠡᠭᠦᠯᠬᠦ ᠪᠣᠯᠣᠨ ᠰᠣᠯᠢᠯᠴᠠᠬᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠤᠯᠠᠭᠠᠡᠬᠠᠳᠠ ᠬᠦᠵᠦᠷ ᠤᠨ ᠦᠪᠡᠷᠮᠢᠴᠡ ᠷᠢᠳᠢ ᠰᠢᠳᠢ ᠶᠢ ᠭᠠᠶᠢᠬᠠᠭᠤᠯᠤᠭᠰᠠᠨ ᠶᠤᠮ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号