︽ᠦᠵᠡᠯ ᠰᠠᠨᠠᠭ᠎ᠠ ᠪᠠᠨ ᠶᠡᠬᠡᠪᠡᠷ ᠴᠢᠯᠥᠭᠡᠯᠡᠬᠦ᠂ ᠠᠵᠢᠯ ᠢᠶᠠᠨ ᠶᠡᠬᠡᠪᠡᠷ ᠲᠦᠷᠭᠡᠳᠬᠡᠬᠦ᠂ ᠠᠵᠤ ᠠᠬᠤᠶ ᠪᠠᠨ | ᠶᠡᠬᠡᠪᠡᠷ ᠬᠥᠭᠵᠢᠭᠦᠯᠬᠦ︾ ᠶᠠᠷᠢᠯᠴᠠᠭᠠᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠡᠪᠣᠷᠢᠵᠢᠭᠤᠯᠵᠤ᠂ ᠣᠨᠣᠯ ᠤᠨ ᠤᠬᠠᠭᠤᠯᠭ᠎ᠠ ᠲᠠᠶᠢᠯᠪᠣᠷᠢᠯᠠᠯᠳᠡ ᠶᠢᠨ ᠠᠵᠢᠯ ᠤᠨ ᠦᠵᠡᠯ | ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠥᠭᠵᠢᠯ ᠳᠠᠪᠰᠢᠯᠲᠠ ᠶᠢᠨ ᠬᠥᠳᠡᠯᠭᠡᠭᠴᠢ ᠬᠦᠴᠦᠨ ᠢ | ᠬᠤᠷᠠᠮᠳᠤᠭᠤᠯᠬᠤ ᠦᠢᠯᠡᠳᠦᠯ ᠢ ᠭᠦᠢᠴᠡᠣᠨ ᠪᠠᠳᠠᠷᠠᠭᠤᠯᠬᠤ ᠶᠢᠨ ᠲᠥᠯᠥᠭᠡ᠂ ᠠᠷᠤ ᠬᠤᠷᠴᠢᠨ ᠬᠤᠰᠢᠭᠤ ︽ᠰᠢᠨ᠎ᠡ | ᠠᠶᠠᠨ ᠵᠠᠮ ᠳᠤ ᠣᠨᠣᠯ ᠢ ᠤᠯᠠᠮᠵᠢᠯᠠᠨ ᠴᠤᠤᠷᠢᠶᠠᠲᠤᠭᠤᠯᠵᠤ ᠰᠢᠨ᠎ᠡ ᠬᠥᠭᠵᠢᠯ ᠳᠠᠪᠰᠢᠯᠲᠠ ᠳᠤ ᠬᠥᠳᠡᠯᠭᠡᠭᠴᠢ | ᠬᠦᠴᠦᠨ ᠨᠡᠮᠡᠷᠢᠯᠡᠬᠦ︾ ᠣᠲᠣᠷ ᠣᠨᠣᠯ ᠤᠨ ᠤᠬᠠᠭᠤᠯᠭ᠎ᠠ ᠶᠢᠨ ᠤᠷᠤᠯᠳᠤᠭᠠᠨ ᠡᠷᠬᠢᠯᠡᠨ ᠶᠠᠪᠤᠭᠤᠯᠵᠤ᠂ ᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠣᠨᠣᠯ ᠤᠨ ᠰᠠᠯᠠᠭ᠎ᠠ᠂ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠬᠠᠷᠢᠭᠤᠴᠠᠯᠭᠠᠲᠠᠨ ᠠᠵᠢᠯᠯᠠᠭᠠᠨ ᠤ ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠤᠯᠭ᠎ᠠ ᠥᠭᠪᠡ᠃ | | | | ᠤᠷᠤᠯᠳᠤᠭᠠᠨ ᠳᠤ ᠪᠦᠬᠦ ᠬᠤᠰᠢᠭᠤᠨ ᠤ 16 ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ 16 | ᠭᠠᠴᠠᠭ᠎ᠠ ᠲᠣᠰᠬᠤᠨ ᠨᠡᠶᠢᠭᠡᠮ ᠲᠣᠭᠤᠷᠢᠭ ᠵᠢᠴᠢ 10 ᠬᠤᠰᠢᠭᠤᠨ ᠰᠢᠭᠤᠳ ᠬᠠᠷᠢᠶ᠎ᠠ ᠰᠢᠰᠲ᠋ᠧᠮ ᠤᠨ ᠨᠠᠮ ᠤᠨ | ᠬᠤᠷᠢᠶ᠎ᠠ ᠶᠢᠨ 42 ᠨᠡᠷ᠎ᠡ ︽ᠣᠲᠣᠷ︾ ᠦᠨᠳᠦᠰᠦᠨ ᠱᠠᠳᠤᠨ ᠤ ᠣᠨᠣᠯ ᠤᠨ ᠤᠬᠠᠭᠤᠯᠤᠨ ᠲᠠᠶᠢᠯᠪᠣᠷᠢᠯᠬᠠᠴᠢ ᠠᠴᠠ | ᠣᠨᠣᠯ ᠢᠶᠠᠷ ᠴᠤᠭ ᠵᠢᠪᠬᠤᠭ᠎ᠠ ᠪᠠᠨ ᠪᠠᠳᠠᠷᠠᠭᠤᠯᠵᠤ᠂ ᠴᠠᠭ ᠦᠶ᠎ᠡ ᠪᠠᠨ ᠮᠠᠭᠲᠠᠨ ᠳᠠᠭᠤᠯᠠᠵᠠᠶ᠃ ᠡᠨᠡᠬᠦ ᠤᠷᠤᠯᠳᠤᠭᠠᠨ | ᠨᠢ ᠪᠠᠶᠢᠭᠤᠯᠭ᠎ᠠ ᠶᠢᠨ ᠺᠠᠳ᠋ᠷ ᠤᠬᠠᠭᠤᠯᠤᠨ ᠲᠠᠶᠢᠯᠪᠣᠷᠢᠯᠠᠬᠤ ᠪᠣᠯᠤᠨ ᠨᠠᠮ ᠤᠨ ᠡᠭᠦᠷ ᠤᠨ ᠱᠦᠵᠢ ᠤᠬᠠᠭᠤᠯᠤᠨ | ᠲᠠᠶᠢᠯᠪᠣᠷᠢᠯᠠᠬᠤ ᠭᠡᠵᠦ ᠬᠤᠶᠠᠷ ᠲᠥᠷᠥᠯ ᠬᠤᠪᠢᠶᠠᠨ ᠶᠠᠪᠤᠭᠳᠠᠵᠤ᠂ ᠬᠤᠷᠴᠠ ᠰᠢᠷᠦᠭᠦᠨ ᠤᠷᠤᠯᠳᠤᠭᠠᠨ | ᠮᠦᠷᠣᠶᠢᠴᠡᠭᠡᠨ ᠢᠶᠠᠷ ᠳᠡᠮᠵᠢᠵᠦ᠂ ᠨᠡᠶᠢᠲᠡ 18 ᠤᠷᠣᠯᠴᠠᠭᠴᠢ ᠬᠤᠶᠠᠷ ᠲᠥᠷᠥᠯ ᠤᠨ ᠤᠷᠤᠯᠳᠤᠭᠠᠨ ᠤ | ᠰᠢᠢᠳᠪᠦᠷᠢᠲᠦ ᠤᠷᠤᠯᠳᠤᠭᠠᠨ ᠳᠤ ᠰᠢᠭᠰᠢᠭᠳᠡᠨ ᠤᠷᠣᠵᠠᠶ᠃ | | | | | 12 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠰᠢᠢᠳᠪᠦᠷᠢᠲᠦ ᠤᠷᠤᠯᠳᠤᠭᠠᠨ | ᠶᠠᠪᠤᠭᠳᠠᠪᠠ᠃ ᠰᠢᠢᠳᠪᠦᠷᠢᠲᠦ ᠤᠷᠤᠯᠳᠤᠭᠠᠨ ᠨᠢ ︽5 ᠮᠢᠨᠦ᠋ᠲ ᠤᠨ ᠤᠬᠠᠭᠤᠯᠭ᠎ᠠ ᠲᠠᠶᠢᠯᠪᠣᠷᠢᠯᠠᠯᠳᠠ︾᠂ | ᠮᠡᠳᠡᠯᠭᠡ ᠶᠢᠨ ᠤᠷᠤᠯᠳᠤᠭᠠᠨ᠂ ︽90 ᠰᠧᠺᠦ᠋ᠨ᠋ᠳ᠋ ᠤᠨ ᠪᠡᠯᠡᠨ ᠤᠬᠠᠭᠤᠯᠭ᠎ᠠ ᠲᠠᠶᠢᠯᠪᠣᠷᠢᠯᠠᠯᠳᠡ︾ ᠵᠡᠷᠭᠡ ᠭᠤᠷᠪᠠᠨ | ᠭᠤᠭᠴᠤᠭ᠎ᠠ ᠪᠠᠷ ᠶᠠᠪᠤᠭᠳᠠᠵᠤ᠂ ᠬᠤᠶᠠᠷ ᠡᠳᠦᠷ ᠤᠨ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ | ᠲᠡᠷᠢᠭᠦᠨ ᠳᠡᠳ᠋ ᠭᠤᠲᠠᠭᠠᠷ ᠪᠣᠯᠤᠨ ᠰᠢᠯᠢᠳᠡᠭ ᠳᠡᠰ ᠢ ᠰᠢᠯᠭᠠᠷᠠᠭᠤᠯᠵᠤ᠂ ᠲᠤᠬᠠᠶ ᠶᠢᠨ ᠲᠠᠯᠠᠪᠤᠷ ᠲᠤ ᠱᠠᠩᠨᠠᠯ | ᠣᠯᠭᠤᠪᠠ᠃ | | | | | | ᠲᠤᠰ ᠤᠳᠠᠭᠠᠨ ᠤ ᠤᠷᠤᠯᠳᠤᠭᠠᠨ ᠨᠢ ︽ᠪᠠᠭ᠎ᠠ ᠠᠵᠢᠯᠯᠠᠭ᠎ᠠ︾ ᠪᠠᠷ ︽ᠶᠡᠭᠡ ᠰᠡᠳᠦᠪ︾ ᠢ ᠳᠡᠯᠭᠡᠨ | ᠬᠠᠷᠠᠭᠤᠯᠵᠤ᠂ ︽ᠡᠩ ᠤᠨ ᠶᠠᠷᠢᠶ᠎ᠠ︾ ᠪᠠᠷ ︽ᠰᠢᠨ᠎ᠡ ᠥᠭᠦᠯᠡᠯᠲᠡ︾ ᠶᠢ ᠲᠣᠳᠣᠷᠬᠠᠶᠢᠯᠠᠨ ᠲᠠᠶᠢᠯᠪᠣᠷᠢᠯᠠᠬᠤ ᠶᠢᠨ | ᠬᠠᠮᠲᠤ᠂ ᠣᠨᠣᠯ ᠤᠨ ᠤᠬᠠᠭᠤᠯᠤᠨ ᠲᠠᠶᠢᠯᠪᠣᠷᠢᠯᠠᠬᠤ ᠦᠢᠯᠡᠳᠦᠯ ᠢ ᠭᠦᠢᠴᠡᠣᠨ ᠪᠠᠳᠠᠷᠠᠭᠤᠯᠤᠨ᠂ ᠪᠣᠳᠠᠲᠠᠶ ᠳᠤ | ᠣᠶᠢᠷᠠᠳᠣᠡᠡᠰᠡᠨ᠂ ᠠᠮᠢᠳᠤᠷᠠᠯ ᠳᠤ ᠣᠶᠢᠷᠠᠳᠣᠡᠡᠰᠡᠨ᠂ ᠤᠯᠠᠨ ᠲᠦᠮᠡᠨ ᠲᠠᠢ ᠣᠶᠢᠷᠠᠳᠣᠡᠡᠰᠡᠨ ᠤᠬᠠᠭᠤᠯᠭ᠎ᠠ | ᠲᠠᠶᠢᠯᠪᠣᠷᠢᠯᠠᠯᠳᠡ ᠶᠢᠨ ᠠᠭᠤᠯᠭ᠎ᠠ ᠶᠢ ᠡᠩ ᠤᠨ ᠠᠷᠠᠳ ᠢᠷᠭᠡᠳ ᠤᠨ ᠭᠡᠷ ᠲᠤ ᠬᠦᠷᠭᠡᠵᠦ᠂ ᠪᠦᠬᠦ ᠬᠤᠰᠢᠭᠤᠨ ᠤ | ᠤᠬᠠᠭᠤᠯᠤᠨ ᠲᠠᠶᠢᠯᠪᠣᠷᠢᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃ ︵ᠯᠢᠦ ᠰᠢᠨ ᠲᠢᠩ︶ | | | | |