12 ᠰᠠᠷ᠎ᠠ ᠶᠢᠨ 27 ᠤ ᠡᠳᠦᠷ᠂ ᠠᠷᠤ ᠬᠤᠷᠴᠢᠨ ᠬᠤᠰᠢᠭᠤ ︽ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠤᠷᠳᠤᠴᠠ ᠪᠠᠨ ᠲᠦᠷᠭᠡᠳᠬᠡᠨ ᠤᠷᠤᠭᠰᠢᠯᠠᠶ᠎ᠠ︾ ᠠᠷᠠᠳ ᠤᠨ ᠡᠵᠡᠩᠨᠡᠯᠲᠠ ᠶᠢᠨ ᠠᠵᠤ | ᠠᠬᠤᠶᠢᠯᠠᠯᠳᠡᠨ ᠤ ᠣᠨ ᠤ ᠬᠤᠷᠠᠯ ᠬᠤᠷᠠᠯᠳᠤᠭᠤᠯᠵᠤ ᠬᠤᠰᠢᠭᠤᠨ ᠤᠳᠤᠷᠢᠳᠤᠯᠭ᠎ᠠ ᠭᠦᠸᠧ ᠶᠦᠩ ᠮᠢᠩ᠂ ᠬᠠᠨ | ᠵᠢᠶᠧ᠂ ᠶᠠᠩ ᠵᠢᠶᠧ᠂ ᠬᠥᠬᠡᠪᠠᠷᠰ᠂ ᠢᠦᠶ ᠸᠧᠶ ᠬᠤᠸᠠ᠂ ᠣᠳᠬᠤᠨᠪᠠᠶᠠᠷ ᠵᠢᠴᠢ ᠠᠷᠤ ᠬᠤᠷᠴᠢᠨ ᠬᠤᠰᠢᠭᠤᠨ ᠤ | ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠤᠳᠤᠷᠢᠳᠤᠯᠭ᠎ᠠ᠂ ᠠᠵᠤ | ᠠᠬᠤᠶᠢᠯᠠᠯᠳᠡᠨ ᠤ ᠲᠥᠯᠥᠭᠡᠯᠡᠭᠴᠢ ᠵᠡᠷᠭᠡ ᠨᠡᠶᠢᠲᠡ 200 ᠭᠠᠷᠤᠶ ᠬᠥᠮᠦᠨ ᠠᠵᠢᠯᠯᠠᠭ᠎ᠠ ᠳᠤ ᠣᠷᠣᠯᠴᠠᠪᠠ᠃ | | | | | | ᠠᠵᠢᠯᠯᠠᠭ᠎ᠠ ᠶᠢᠨ ᠱᠠᠩᠨᠠᠯ ᠣᠯᠭᠤᠬᠤ ᠭᠤᠭᠴᠤᠭ᠎ᠠ ᠨᠢ ᠣᠯᠠᠨ ᠤ ᠠᠩᠬᠠᠷᠤᠯ ᠢ ᠲᠠᠲᠠᠵᠤ᠂ ᠴᠢᠩᠭ᠎ᠠ | ᠰᠢᠯᠭᠠᠷᠠᠭᠤᠯᠤᠯᠲᠠ ᠪᠠᠷ ᠳᠠᠮᠵᠢᠨ 30 ᠨᠡᠷ᠎ᠡ ᠠᠵᠤ ᠠᠬᠤᠶᠢᠯᠠᠯᠳᠡᠨ ᠢ ᠰᠢᠯᠭᠠᠷᠠᠭᠤᠯᠤᠨ ᠬᠤᠰᠢᠭᠤᠨ | ᠤᠳᠤᠷᠢᠳᠤᠯᠭ᠎ᠠ ᠠᠴᠠ ︽ᠦᠨᠡᠨᠴᠢ ᠢᠲᠡᠭᠡᠮᠵᠢ ᠲᠠᠢ ᠡᠵᠡᠩᠨᠡᠯᠲᠡ ᠶᠢᠨ ᠠᠵᠤ ᠠᠬᠤᠶᠢᠯᠠᠯ ᠤᠨ ᠱᠠᠩᠨᠠᠯ︾᠂ ︽ | ᠨᠡᠶᠢᠭᠡᠮ ᠤᠨ ᠬᠠᠷᠢᠭᠤᠴᠠᠯᠭ᠎ᠠ ᠪᠠᠨ ᠲᠣᠪᠣᠶᠢᠮ᠎ᠠ ᠰᠠᠶᠢᠨ ᠭᠦᠢᠴᠡᠣᠡᠭᠡᠭᠰᠡᠨ ᠬᠤᠪᠢ ᠨᠡᠮᠡᠷᠢ ᠶᠢᠨ ᠱᠠᠩᠨᠠᠯ︾᠂ ︽ | ᠰᠢᠯᠢᠳᠡᠭ ᠭᠡᠰᠢᠭᠦᠨ ᠠᠵᠤ ᠠᠬᠤᠶᠢᠯᠠᠯ ᠤᠨ ᠱᠠᠩᠨᠠᠯ︾ ᠬᠦᠷᠲᠡᠭᠰᠡᠳ ᠲᠤ ᠱᠠᠩᠨᠠᠯ ᠣᠯᠭᠤᠪᠠ᠃ ᠱᠠᠩᠨᠠᠯ ᠣᠯᠭᠤᠬᠤ | ᠶᠣᠰᠣᠯᠠᠯ ᠳᠡᠭᠡᠷ᠎ᠡ ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ᠂ ᠦᠢᠯᠡᠣᠡᠪᠣᠷᠢ ᠬᠤᠳᠠᠯᠳᠤᠭᠠᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ | ᠪᠠᠶᠠᠷ ᠤᠨ ᠦᠭᠡ ᠶᠠᠷᠢᠵᠤ᠂ ᠱᠠᠩᠨᠠᠯ ᠳᠤᠰᠤᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠠᠴᠠ ᠠᠮᠵᠢᠯᠲᠠ | ᠣᠯᠤᠭᠰᠠᠨ ᠲᠤᠷᠰᠢᠯᠭ᠎ᠠ ᠪᠠ ᠣᠯᠤᠯᠲᠠ ᠪᠠᠨ ᠬᠤᠪᠢᠶᠠᠯᠴᠠᠪᠠ᠃ | | | | | | ᠠᠵᠢᠯᠯᠠᠭᠠᠨ ᠳᠤ ᠦᠶ ᠣᠯᠠᠨ ᠠᠵᠤ ᠠᠬᠤᠶᠢᠯᠠᠯ ᠤᠨ ᠬᠢᠨ ᠢᠳᠡᠪᠬᠢᠲᠡᠶ ᠣᠷᠣᠯᠴᠠᠵᠤ᠂ ᠭᠤᠶᠢᠳᠠ | ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠬᠤ ᠪᠠ ᠱᠠᠩᠨᠠᠯᠲᠤ ᠰᠤᠭᠤᠯᠠᠭ᠎ᠠ ᠲᠠᠲᠠᠬᠤ ᠭᠤᠭᠴᠤᠭ᠎ᠠ ᠶᠢ | ᠰᠣᠯᠪᠢᠴᠠᠭᠤᠯᠤᠨ ᠮᠠᠰᠢ ᠬᠥᠷ ᠬᠥᠭᠵᠢᠶᠡᠨᠲᠡᠶ ᠶᠠᠪᠤᠭᠳᠠᠵᠤ᠂ ᠲᠤᠬᠠᠶ ᠶᠢᠨ ᠲᠠᠯᠠᠪᠠᠢ ᠳᠤ ᠰᠢᠨ᠎ᠡ ᠣᠨ ᠢᠶᠠᠨ ᠪᠠᠶᠠᠷᠯᠠᠨ | ᠤᠭᠲᠤᠬᠤ ᠠᠭᠤᠷ ᠠᠮᠢᠰᠬᠤᠯ ᠥᠳᠬᠡᠨ ᠪᠠᠶᠢᠯ᠎ᠠ᠃ | | | | | | ᠲᠤᠰ ᠤᠳᠠᠭᠠᠨ ᠤ ᠣᠨ ᠤ ᠬᠤᠷᠠᠯ ᠢ ᠬᠤᠰᠢᠭᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ | ᠬᠡᠯᠲᠡᠰ ᠭᠤᠤᠯᠯᠠᠨ ᠡᠷᠬᠢᠯᠡᠵᠦ᠂ ᠬᠤᠰᠢᠭᠤᠨ ᠦᠢᠯᠡᠣᠡᠪᠣᠷᠢ ᠬᠤᠳᠠᠯᠳᠤᠭᠠᠨ ᠤ ᠬᠤᠯᠪᠣᠭ᠎ᠠ ᠳᠠᠭᠠᠭᠠᠴᠢᠯᠠᠨ ᠬᠢᠵᠦ᠂ | ᠠᠷᠠᠳ ᠤᠨ ᠡᠵᠡᠩᠨᠡᠯᠲᠠ ᠶᠢᠨ ᠠᠵᠤ ᠠᠬᠤᠶᠢᠯᠠᠯᠳᠠᠣᠨ ᠲᠤ ᠬᠠᠷᠢᠯᠴᠠᠨ ᠬᠠᠮᠵᠢᠯᠴᠠᠨ ᠢᠷᠡᠭᠡᠳᠦᠶ ᠪᠠᠨ ᠪᠠᠷᠠᠯᠠᠬᠤ | ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠣᠯᠠᠨ ᠤ ᠰᠢᠨ᠎ᠡ ᠠᠶᠠᠨ ᠳᠤ ᠰᠡᠳᠬᠢᠯ ᠬᠦᠴᠦ ᠪᠠᠨ | ᠬᠠᠮᠲᠤᠳᠬᠠᠵᠤ᠂ ᠨᠠᠩ ᠥᠨᠳᠥᠷ ᠠᠮᠵᠢᠯᠲᠠ ᠵᠦᠭ ᠬᠤᠷᠳᠤᠴᠠ ᠪᠠᠨ ᠲᠦᠷᠭᠡᠳᠬᠡᠨ ᠤᠷᠤᠭᠰᠢᠯᠠᠬᠤ ᠶᠢ | ᠵᠣᠷᠢᠭᠵᠢᠭᠤᠯᠤᠨ ᠲᠠᠶᠢᠴᠢᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠬᠠᠮᠲᠤ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠢᠵᠠᠭᠠᠷᠯᠠᠰᠢ ᠦᠭᠡᠢ ᠠᠮᠢᠵᠢᠷᠠᠯ ᠤᠨ ᠬᠦᠴᠦᠨ ᠪᠠ ᠣᠶᠠᠨ ᠬᠠᠲᠠᠨ ᠴᠢᠳᠠᠯ ᠢ ᠣᠯᠠᠨ ᠳᠤ | ᠬᠠᠷᠠᠭᠤᠯᠪᠠ᠃ ︵ᠰᠠᠶᠢᠬᠠᠡᠬᠤᠸᠠᠷ︶ | | |