ᠣᠶᠢᠷ᠎ᠠ ᠶᠢᠨ ᠡᠳᠦᠷ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠠᠷᠤ ᠬᠤᠷᠴᠢᠨ ᠬᠤᠰᠢᠭᠤᠨ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠂ ᠤᠯᠠᠭᠠᠬᠠᠳᠠ ᠬᠤᠲᠠ ᠶᠢᠨ | ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠢᠨᠵᠢᠯᠡᠨ ᠪᠠᠶᠢᠴᠠᠭᠠᠬᠤ ᠠᠵᠢᠯᠯᠠᠭ᠎ᠠ | ᠥᠷᠨᠢᠭᠦᠯᠵᠦ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠵᠠᠩ ᠬᠤᠩ ᠰᠢᠨ᠂ ᠳᠡᠳ᠋ ᠡᠷᠬᠢᠯᠡᠭᠴᠢ ᠴᠢᠨ ᠶᠤᠸᠠᠢ ᠭᠦᠸᠧ ᠠᠵᠢᠯᠯᠠᠭ᠎ᠠ ᠳᠤ ᠣᠷᠣᠯᠴᠠᠪᠠ᠃ | | | | ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠲᠥᠯᠥᠭᠡᠯᠡᠭᠴᠢᠳ ᠵᠢᠭᠠᠰᠤᠲᠠᠶ ᠪᠠᠯᠭᠠᠰᠤ᠂ ᠠᠵᠤ | ᠦᠢᠯᠡᠣᠡᠪᠣᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠤᠭᠰᠠᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠹᠧᠶ ᠾᠧ ᠰᠦ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠰᠢᠨᠵᠢᠯᠡᠨ ᠪᠠᠶᠢᠴᠠᠭᠠᠯᠳᠡ ᠳᠠᠭᠤᠰᠤᠭᠰᠠᠨ ᠤ | ᠳᠠᠷᠠᠭ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠤᠬᠠᠶ ᠶᠢᠨ | ᠲᠠᠯᠠᠪᠠᠢ ᠳᠤ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠪᠠᠶᠢᠳᠠᠯ ᠢ ᠨᠠᠷᠢᠨ ᠣᠶᠢᠯᠠᠭᠠᠪᠠ᠃ | ᠬᠤᠷᠠᠯ ᠠᠴᠠ ᠵᠢᠭᠠᠬᠤ ᠳᠠᠭᠠᠨ᠂ ᠬᠤᠶᠠᠷ ᠱᠠᠳᠤᠨ ᠤ ᠠᠷᠠᠳ ᠤᠨ ᠲᠥᠯᠥᠭᠡᠯᠡᠭᠴᠢ ᠡᠭᠦᠷᠭᠡ | ᠬᠠᠷᠢᠭᠤᠴᠠᠯᠭ᠎ᠠ ᠪᠠᠨ ᠭᠦᠢᠴᠡᠣᠡᠭᠡᠬᠦ ᠶᠠᠪᠤᠴᠠ ᠳᠤ ᠢᠳᠡᠪᠬᠢᠲᠡᠶ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠤᠨ | ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠦᠨᠡᠨ ᠬᠦ ᠪᠠᠳᠠᠷᠠᠭᠤᠯᠤᠨ᠂ ᠳᠤᠷᠠᠳᠤᠭᠰᠠᠨ ᠴᠢᠨᠠᠷ ᠰᠠᠶᠢᠲᠠᠶ ᠰᠠᠨᠠᠯ ᠵᠥᠪᠯᠡᠯᠭᠡ ᠨᠢ ᠠᠷᠤ ᠬᠤᠷᠴᠢᠨ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠵᠡᠶ ᠭᠡᠪᠡ᠃ | | | | ᠲᠥᠯᠥᠭᠡᠯᠡᠭᠴᠢᠳ ᠠᠴᠠ᠂ ᠬᠤᠶᠢᠰᠢᠳᠠ ᠬᠢᠨᠠᠯᠲᠠ ᠲᠠᠯᠪᠢᠬᠤ ᠦᠢᠯᠡᠳᠦᠯ ᠢᠶᠠᠨ ᠭᠦᠢᠴᠡᠣᠨ ᠪᠠᠳᠠᠷᠠᠭᠤᠯᠵᠤ᠂ | ᠡᠯ᠎ᠡ ᠲᠠᠯ᠎ᠠ ᠶᠢᠨ ᠬᠦᠰᠡᠯ ᠨᠠᠶᠢᠳᠠᠯᠠᠭ᠎ᠠ ᠶᠢ ᠰᠣᠨᠣᠰᠴᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠲᠥᠯᠥᠭᠡᠯᠡᠭᠴᠢ ᠶᠢᠨ ᠡᠭᠦᠷᠭᠡ | ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠣᠡᠭᠡᠵᠤ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠦᠨ᠂ | ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ | ᠴᠢᠨᠠᠷ ᠰᠠᠶᠢᠲᠠᠶ ᠰᠠᠨᠠᠯ ᠵᠥᠪᠯᠡᠯᠭᠡ ᠨᠥᠭᠡᠴᠡᠯᠡᠵᠦ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠨᠢᠭᠲᠠ ᠠᠩᠬᠠᠷᠴᠤ᠂ ᠠᠷᠤ ᠬᠤᠷᠴᠢᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠭᠡᠪᠡ᠃ ︵ᠯᠢ | ᠬᠤᠸᠠᠨ ᠢᠦᠶ︶ |