ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/31
       12 ᠰᠠᠷ᠎ᠠ ᠶᠢᠨ 30 ᠤ ᠡᠳᠦᠷ᠂ ᠠᠷᠤ ᠬᠤᠷᠴᠢᠨ ᠬᠤᠰᠢᠭᠤᠨ ᠤ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠬᠤᠷᠢᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠵᠠᠩ ᠬᠤᠩ ᠰᠢᠨ᠂ ᠳᠡᠳ᠋ ᠡᠷᠬᠢᠯᠡᠭᠴᠢ ᠬᠥᠬᠡᠪᠠᠷᠰ᠂ ᠴᠢᠨ ᠶᠤᠸᠠᠢ ᠭᠦᠸᠧ᠂ ᠵᠠᠩ ᠰᠢᠤᠢ ᠫᠧᠩ ᠵᠢᠴᠢ 20 ᠪᠠᠶᠢᠡᠭᠭᠤ ᠶᠢᠨ ᠬᠤᠷᠢᠶ᠎ᠠ ᠶᠢᠨ ᠭᠡᠰᠢᠭᠦᠨ ᠬᠤᠷᠠᠯ ᠳᠤ ᠣᠷᠣᠯᠴᠠᠵᠠᠶ᠃ ᠴᠢᠨ ᠶᠤᠸᠠᠢ ᠭᠦᠸᠧ ᠬᠤᠷᠠᠯ ᠡᠷᠬᠢᠯᠡᠪᠡ᠃
       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠪᠠᠲᠤᠯᠠᠵᠤ᠂ ᠵᠠᠩ ᠬᠤᠩ ᠰᠢᠨ ᠲᠤᠰᠢᠶᠠᠯ ᠳᠤ ᠲᠣᠮᠢᠯᠠᠭᠳᠠᠭᠰᠠᠳ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠬᠤ ᠶᠢᠨ ᠬᠠᠮᠲᠤ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠵᠠᠶ᠃
       ᠬᠤᠷᠠᠯ ᠠᠴᠠ ︽ᠨᠥᠬᠦᠵᠦ ᠰᠣᠩᠭᠤᠭᠰᠠᠨ ᠬᠤᠰᠢᠭᠤᠨ ᠠᠷᠪᠠᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠢᠷᠢ ᠭᠡᠮ ᠢ ᠬᠢᠨᠠᠨ ᠪᠠᠶᠢᠴᠠᠭᠠᠡᠡᠰᠡᠨ ᠮᠡᠳᠡᠭᠦᠯᠦᠯᠲᠡ︾ ︽2023 ᠣᠨ ᠤ ᠬᠤᠰᠢᠭᠤᠨ ᠲᠤᠰ ᠱᠠᠲᠤᠨ ᠤ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠶᠢᠨ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠡᠯ ᠤᠨ ᠲᠤᠬᠠᠶ ᠮᠡᠳᠡᠭᠦᠯᠦᠯᠲᠡ︾ ︽ᠠᠷᠤ ᠬᠤᠷᠴᠢᠨ ᠬᠤᠰᠢᠭᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠡᠯ ᠤᠨ ᠲᠤᠬᠠᠶ ᠶᠡᠷᠣᠩᠬᠡᠶᠢᠯᠡᠭᠰᠡᠨ ᠮᠡᠳᠡᠭᠦᠯᠦᠯᠲᠡ︾ ᠶᠢ ᠰᠣᠨᠣᠰᠴᠤ ᠪᠠᠲᠤᠯᠠᠪᠠ︔ ᠠᠷᠤ ᠬᠤᠷᠴᠢᠨ ᠬᠤᠰᠢᠭᠤᠨ ᠤ 2024 ᠣᠨ ᠤ ᠡᠳ᠋ ᠤᠨ ᠵᠠᠰᠠᠭ ᠤᠨ ᠲᠥᠰᠦᠪ ᠤᠨ ᠬᠤᠶᠠᠳᠠᠬᠢ ᠤᠳᠠᠭᠠᠨ ᠤ ᠲᠣᠬᠢᠷᠠᠭᠤᠯᠤᠯᠲᠠ ᠶᠢᠨ ᠲᠥᠰᠦᠯ ᠢ ᠵᠥᠪᠰᠢᠶᠡᠷᠡᠪᠡ︔ ᠠᠷᠤ ᠬᠤᠷᠴᠢᠨ ᠬᠤᠰᠢᠭᠤᠨ ᠳᠤ ᠰᠠᠭᠤᠭ᠎ᠠ ᠬᠡᠰᠡᠭ ᠤᠯᠠᠭᠠᠨᠬᠠᠳᠠ ᠬᠤᠲᠠ ᠶᠢᠨ ᠨᠠᠢᠮᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠦᠨᠡᠯᠡᠯᠲᠡ ᠬᠢᠪᠡ᠃ ᠵᠠᠰᠠᠭ ᠤᠨ ᠣᠷᠳᠣᠨ ᠤ 9 ᠪᠦᠷᠢᠯᠳᠦᠬᠦᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠣᠡᠭᠡᠭᠰᠡᠨ ᠪᠠᠶᠢᠳᠡᠯ ᠳᠤ ᠦᠨᠡᠯᠡᠯᠲᠡ ᠬᠢᠪᠡ᠃
       ᠬᠤᠰᠢᠭᠤᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠸᠧᠶ ᠰᠢᠨ ᠢᠦᠶ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠨ ᠰᠢᠤᠸᠠᠢ ᠲᠤᠤ  ᠬᠤᠰᠢᠭᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠪᠦᠦ ᠵᠢᠶᠧ ᠬᠤᠰᠢᠭᠤᠨ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠯ᠎ᠡ ᠠᠵᠢᠯ ᠤᠨ ᠪᠠᠶᠢᠭᠤᠯᠤᠮᠵᠢ᠂ ᠬᠤᠰᠢᠭᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠰᠠᠭᠤᠭ᠎ᠠ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ᠂ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠤᠨ ᠬᠡᠰᠡᠭ ᠬᠠᠷᠢᠭᠤᠴᠠᠯᠭᠠᠲᠠᠨ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠭᠡᠰᠢᠭᠦᠨ ᠪᠣᠯᠤᠨ ᠥᠩᠭᠡᠷᠡᠭᠰᠡᠨ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ ︵ᠯᠢᠦ ᠰᠢᠨ ᠲᠢᠩ  ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号