12 ᠰᠠᠷ᠎ᠠ ᠶᠢᠨ 3 ᠤ ᠡᠳᠤᠷ᠂ ᠠᠷᠤ ᠬᠤᠷᠴᠢᠨ ᠬᠤᠰᠢᠭᠤ ︽ᠰᠢᠨᠵᠢᠯᠡᠭᠡ ᠮᠡᠷᠭᠡᠵᠢᠯ ᠤᠨ ᠡᠷᠬᠢᠮᠯᠡᠯ᠂ | ᠰᠢᠢᠣᠡᠮᠡᠭ ᠬᠦᠰᠡᠯ ᠤᠨ ᠲᠡᠮᠡᠣᠯᠠᠯ︾ ᠠᠩᠬᠠᠳᠣᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠠᠨ ᠤ ᠰᠢᠨᠵᠢᠯᠡᠭᠡ | ᠮᠡᠷᠭᠡᠵᠢᠯ ᠤᠨ ᠨᠠᠶᠢᠷ ᠶᠠᠪᠤᠭᠤᠯᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ | ᠤᠷᠳᠤᠨ ᠤ ᠲᠡᠳ᠋ ᠳᠠᠷᠤᠭ᠎ᠠ ᠸᠠᠩ ᠶᠤᠸᠠᠨ ᠪᠢᠨ᠂ ᠬᠤᠰᠢᠭᠤᠨ ᠠᠷᠠᠳ ᠤᠨ ᠲᠦᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠡᠷᠬᠢᠯᠡᠭᠴᠢ ᠬᠥᠭᠡᠪᠡᠷᠰ᠂ ᠬᠤᠰᠢᠭᠤᠨ ᠤᠯᠤᠰ ᠲᠦᠷᠤ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠢᠦᠢ ᠮᠢᠩ ᠠᠵᠢᠯᠯᠠᠭ᠎ᠠ ᠳᠤ ᠣᠷᠣᠯᠴᠠᠵᠠᠢ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠨᠵᠢᠯᠡᠭᠡ ᠮᠡᠷᠭᠡᠵᠢᠯ ᠤᠨ ᠵᠢᠵᠢᠭ ᠦᠢᠯᠡᠳᠭᠡᠯ ᠨᠢ ᠪᠣᠳᠡᠳᠤ | ᠬᠡᠷᠡᠭᠯᠡᠭᠡᠨ ᠤ ᠪᠠ ᠰᠢᠨ᠎ᠡ ᠡᠭᠦᠳᠦᠯᠲᠡ ᠶᠢᠨ ᠭᠠᠶᠢᠬᠠᠮᠰᠢᠭ ᠷᠢᠳᠢ ᠰᠢᠳᠢ ᠶᠢ ᠭᠦᠢᠴᠡᠳ ᠢᠯᠡᠷᠡᠭᠦᠯᠵᠦ᠂ ᠬᠠᠷᠢᠯᠴᠡᠨ | ᠬᠦᠳᠡᠯᠦᠯᠴᠡᠬᠦ ᠲᠣᠭᠤᠷᠢᠭ ᠨᠢ ᠨᠡᠩ ᠴᠦ ᠬᠡᠤᠬᠡᠳ ᠤᠳ ᠤᠨ ᠠᠩᠬᠠᠷᠤᠯ ᠢ ᠲᠠᠲᠠᠪᠠ᠃ ᠪᠦᠳᠦᠭᠡᠯ ᠪᠣᠯᠭᠠᠨ ᠳᠤ | ᠴᠥᠮ ᠬᠡᠤᠬᠡᠳ ᠤᠨ ᠣᠶᠣᠨ ᠤᠬᠠᠭᠠᠨ᠂ ᠤᠷ᠎ᠠ ᠴᠢᠳᠡᠪᠤᠷᠢ ᠬᠢᠯᠡᠯᠵᠡᠵᠦ᠂ ᠰᠢᠨᠵᠢᠯᠡᠭᠡ ᠮᠡᠷᠭᠡᠵᠢᠯ ᠪᠣᠯᠣᠨ | ᠪᠦᠲᠦᠭᠡᠯᠴᠢ ᠰᠡᠳᠭᠢᠬᠦᠢ ᠶᠢᠨ ᠥᠪᠡᠳᠡᠭᠰᠢ ᠨᠠᠶᠢᠷ ᠢ ᠰᠣᠴᠢᠨ ᠭᠠᠶᠢᠬᠠᠬᠤ ᠪᠠ ᠤᠷᠠᠶᠢᠯᠠᠨ ᠬᠠᠰᠬᠢᠷᠬᠤ ᠳᠠᠭᠤᠨ ᠤ | ᠲᠣᠮᠳᠡ ᠬᠠᠮᠲᠤ ᠪᠠᠷ ᠬᠡᠷᠡᠴᠢᠯᠡᠭᠰᠠᠨ ᠶᠤᠮ᠃ ᠰᠤᠪᠤᠷᠭ᠎ᠠ ᠪᠣᠰᠬᠠᠬᠤ ᠲᠣᠭᠤᠷᠢᠭ ᠪᠣᠯᠣᠨ ᠮᠠᠰᠢᠨ ᠬᠥᠮᠤᠨ ᠤ | ᠣᠷᠤᠯᠳᠤᠭᠠᠨ ᠤ ᠲᠦᠷᠤᠯ ᠵᠦᠢᠯ ᠤᠨ ᠲᠣᠭᠤᠷᠢᠭ ᠲᠤ ᠬᠡᠣᠬᠡᠳ ᠤᠳ ᠠᠩᠬᠠᠷᠤᠯ ᠢᠶᠠᠨ ᠲᠦᠪᠯᠡᠷᠡᠭᠦᠯᠦᠨ | ᠪᠦᠲᠦᠭᠡᠯᠴᠢ ᠰᠡᠳᠭᠢᠭᠦᠢ ᠪᠠᠨ ᠪᠣᠳᠡᠲᠤ ᠦᠷ᠎ᠡ ᠪᠦᠳᠣᠭᠡᠯ ᠪᠣᠯᠭᠠᠨ ᠬᠤᠪᠢᠷᠠᠭᠤᠯᠵᠠᠢ᠃ | | | | | | | | ᠠᠵᠢᠯᠯᠠᠭᠠᠨ ᠳᠤ ᠪᠠᠰᠠ ᠢᠯᠡᠷᠡᠯ ᠳᠣᠪᠣᠶᠢᠮ᠎ᠡ ᠰᠠᠶᠢᠨ ᠰᠣᠷᠣᠭᠴᠢᠳ ᠲᠤ ᠦᠨᠡᠮᠯᠡᠯ ᠪᠠ ᠱᠠᠩᠨᠠᠯ ᠤᠨ | ᠪᠤᠳᠠᠰ ᠭᠠᠷᠳᠠᠭᠤᠯᠤᠨ ᠤᠷᠮᠠᠰᠢᠭᠤᠯᠵᠠᠢ᠃ ︵ᠵᠣᠣ ᠶᠠ ᠨᠠᠨ︶ | | | | | | | | |