ᠠᠷᠤ ᠬᠤᠷᠴᠢᠨ ᠬᠤᠰᠢᠭᠤ ︽12᠂ 5 ᠤ ᠤᠯᠠᠨ ᠤᠯᠤᠰ ᠤᠨ ᠰᠠᠶᠢᠨ ᠳᠤᠷᠠᠴᠤᠳ ᠤᠨ ᠡᠳᠤᠷ︾ ᠤᠨ ᠰᠢᠷᠢᠰ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/6
       ᠰᠠᠶᠢᠨ ᠳᠤᠷ᠎ᠠ ᠶᠢᠨ ᠵᠣᠷᠢᠭ ᠰᠠᠨᠠᠭ᠎ᠠ᠂ ᠰᠠᠶᠢᠨ ᠳᠤᠷ᠎ᠠ ᠶᠢᠨ ᠰᠣᠶᠣᠯ ᠢ ᠶᠡᠬᠡᠪᠡᠷ ᠪᠠᠲᠠᠷᠠᠭᠤᠯᠬᠤ ᠶᠢᠨ ᠲᠦᠯᠤᠭᠡ᠂ ᠭᠤᠴᠢ ᠶᠢᠰᠤᠳᠠᠬᠢ ᠤᠯᠠᠨ ᠤᠯᠤᠰ ᠤᠨ ᠰᠠᠶᠢᠨ ᠳᠤᠷᠠᠴᠤᠳ ᠤᠨ ᠡᠳᠤᠷ ᠬᠦᠷᠴᠤ ᠢᠷᠡᠬᠦ ᠲᠡᠰᠢᠷᠡᠮ ᠢᠶᠠᠷ᠂ ᠬᠤᠰᠢᠭᠤᠨ ᠨᠠᠮ ᠤᠨ ᠬᠤᠷᠢᠶ᠎ᠡ ᠶᠢᠨ ᠨᠡᠶᠢᠭᠡᠮ ᠤᠨ ᠠᠵᠢᠯ ᠤᠨ ᠬᠡᠯᠳᠡᠰ ᠠᠴᠠ ᠡᠯ᠎ᠡ ᠰᠤᠮᠤ ᠰᠢᠶᠠᠩ ᠪᠠᠯᠭᠠᠰᠤ ︵ᠵᠡᠭᠡᠯᠢ ᠭᠤᠳᠣᠮᠵᠢ︶᠂ ᠭᠠᠴᠠᠭ᠎ᠠ ᠲᠣᠰᠬᠤᠨ ︵ᠨᠠᠶᠢᠭᠡᠮ ᠲᠣᠭᠤᠷᠢᠭ︶᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠠ ᠶᠢ ᠵᠣᠬᠢᠶᠠᠨ ᠪᠠᠶᠢᠭᠤᠯᠵᠤ᠂ ᠰᠠᠶᠢᠨ ᠳᠤᠷ᠎ᠠ ᠶᠢᠨ ᠣᠶᠢᠯᠠᠴᠢᠯᠡᠭᠡᠨ ᠤ ᠠᠵᠢᠯᠯᠠᠭ᠎ᠠ ᠦᠷᠨᠢᠭᠦᠯᠪᠡ᠃
       ᠨᠠᠰᠤᠲᠠᠨ ᠢ ᠠᠰᠠᠷᠠᠬᠤ ᠬᠦᠷᠢᠶᠡᠯᠠᠩ ᠳᠤ ᠬᠠᠶᠢᠷ᠎ᠠ ᠬᠠᠯᠠᠮᠵᠢ ᠶᠢᠨ ᠭᠡᠷ ᠣᠷᠣᠨ ᠤ ᠰᠠᠶᠢᠨ ᠳᠤᠷᠠᠴᠤᠳ ᠤᠨ ᠨᠡᠶᠢᠭᠡᠮᠯᠢᠭ ᠤᠨ ᠰᠠᠶᠢᠨ ᠳᠤᠷᠠᠴᠤᠳ ᠨᠠᠰᠤᠳᠠᠶᠢᠴᠤᠳ ᠲᠤ ᠬᠠᠶᠢᠷ᠎ᠠ ᠬᠠᠯᠠᠮᠵᠢ ᠬᠦᠷᠭᠡᠬᠦ ᠶᠢᠨ ᠬᠠᠮᠲᠤ ᠭᠤᠨᠢ ᠭᠠᠭᠴᠠᠭᠠᠷ ᠰᠠᠭᠤᠭ᠎ᠠ ᠨᠠᠰᠤᠲᠠᠨ᠂ ᠦᠨᠳᠤᠷ ᠨᠠᠰᠤᠲᠠᠢ ᠨᠠᠰᠤᠲᠠᠳ ᠤᠨ ᠭᠡᠷ ᠲᠤ ᠬᠦᠷᠴᠦ ᠡᠳᠣᠷ ᠲᠣᠳᠤᠮ ᠤᠨ ᠦᠢᠯᠡᠴᠢᠯᠡᠭᠡ ᠬᠠᠩᠭᠠᠠᠬᠤ᠂ ᠦᠨ᠎ᠡ ᠲᠦᠯᠤᠪᠦᠷᠢ ᠦᠭᠡᠢ ᠪᠠᠷ ᠦᠰᠣ ᠵᠠᠰᠠᠬᠤ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠦᠷᠨᠢᠭᠦᠯᠵᠤ᠂ ᠪᠤᠳᠠᠲᠤ ᠠᠵᠢᠯᠯᠠᠭ᠎ᠠ ᠪᠠᠷ ᠢᠶᠠᠨ ︽ᠨᠠᠰᠤᠳᠠᠨ ᠢᠶᠠᠨ ᠬᠦᠨᠳᠤᠯᠡᠬᠦ᠂ ᠨᠠᠰᠤᠳᠠᠨ ᠢᠶᠠᠨ ᠬᠠᠶᠢᠷᠠᠯᠠᠬᠤ᠂ ᠨᠠᠰᠤᠳᠠᠨ ᠢᠶᠠᠨ ᠠᠰᠠᠷᠠᠬᠤ︾ ᠰᠠᠶᠢᠨ ᠰᠠᠶᠢᠬᠠᠨ ᠵᠠᠠᠩ ᠰᠤᠷᠳᠠᠯ ᠢ ᠢᠯᠡᠷᠡᠭᠦᠯᠦᠭᠰᠠᠨ ᠪᠠᠶᠢᠨ᠎ᠠ᠃
       ᠲᠣᠰ ᠤᠳᠠᠭᠠᠨ ᠤ ᠠᠵᠢᠯᠯᠠᠭ᠎ᠠ ᠳᠤᠮᠳᠠ ᠬᠠᠨ ᠲᠢᠩ ᠨᠡᠶᠢᠭᠡᠮ ᠲᠣᠭᠤᠷᠢᠭ᠂ ᠪᠠᠢ ᠡᠾᠧ ᠨᠡᠶᠢᠭᠡᠮ ᠲᠣᠭᠤᠷᠢᠭ᠂ ᠴᠢᠶᠠᠨ ᠶᠢᠨ ᠨᠡᠶᠢᠭᠡᠮ ᠲᠤᠭᠤᠷᠢᠭ ᠪᠣᠯᠣᠨ ᠲᠢᠶᠠᠨ ᠱᠦᠸᠧ ᠨᠡᠶᠢᠭᠡᠮ ᠲᠣᠭᠤᠷᠢᠭ ᠨᠢ ᠠᠷᠤ ᠬᠤᠷᠴᠢᠨ ᠬᠤᠰᠢᠭᠤᠨ ᠤ ᠬᠢᠲᠠᠳ ᠡᠮᠨᠠᠯᠭᠡ ᠶᠢᠨ ᠬᠤᠷᠢᠶ᠎ᠠ᠂ ᠰᠢᠤᠲᠠᠨ ᠤ ᠬᠠᠲᠠᠭᠠᠯᠠᠮᠵᠢ᠂ ᠬᠠᠷᠢᠶ᠎ᠠ ᠲᠤᠭᠤᠷᠢᠭ ᠤᠨ ᠰᠤᠷᠭᠠᠭᠤᠯᠢ᠂ ᠤᠷᠠᠯᠢᠭ ᠤᠨ ᠪᠦᠯᠭᠦᠮ ᠪᠣᠯᠣᠨ ᠰᠠᠭᠤᠭᠠᠯᠢ ᠠᠷᠠᠳ ᠤᠨ ᠰᠠᠶᠢᠨ ᠳᠤᠷᠠᠴᠤᠳ ᠲᠠᠢ ᠬᠠᠮᠳᠤᠷᠠᠨ᠂ ᠬᠠᠷᠢᠶ᠎ᠠ ᠣᠷᠣᠨ ᠳᠤ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠦᠷᠨᠢᠭᠦᠯᠵᠦ᠂ ︽ᠪᠣᠯᠪᠡᠰᠦᠨ ᠰᠢᠨ᠎ᠡ ᠰᠤᠷᠳᠡᠯ ᠢ ᠨᠡᠶᠢᠭᠡᠮ ᠲᠣᠭᠤᠷᠢᠭ ᠲᠤ ᠣᠷᠣᠭᠤᠯᠤᠶ᠎ᠠ︾ ᠭᠤᠣᠯ ᠰᠡᠲᠤᠪᠲᠤ ᠤᠬᠠᠭᠤᠯᠤᠨ ᠲᠠᠶᠢᠯᠪᠤᠷᠢᠯᠠᠯᠲᠠ ᠪᠣᠯᠣᠨ ᠤᠷᠠᠨ ᠰᠠᠶᠢᠬᠠᠨ ᠤ ᠲᠣᠭᠯᠠᠯᠲᠠ ᠵᠡᠷᠭᠡ ᠰᠠᠶᠢᠨ ᠳᠤᠷ᠎ᠠ ᠶᠢᠨ ᠠᠵᠢᠯᠯᠠᠭ᠎ᠠ ᠦᠷᠨᠢᠭᠦᠯᠵᠤ᠂ ︽12᠂ 5 ᠤ ᠳᠡᠯᠡᠬᠡᠢ ᠶᠢᠨ ᠰᠠᠶᠢᠨ ᠳᠤᠷᠠᠴᠤᠳ ᠤᠨ ᠡᠳᠤᠷ︾ ᠢ ᠨᠡᠩ ᠤᠳᠬ᠎ᠠ ᠠᠭᠤᠯᠭ᠎ᠠ ᠲᠠᠢ ᠲᠡᠮᠳᠡᠭᠯᠡᠭᠰᠡᠨ ᠪᠥᠭᠡᠳ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠨᠢᠭᠲᠠᠷᠠᠭᠤᠯᠬᠤ ᠪᠠ ᠳᠠᠮᠵᠢᠭᠤᠯᠬᠤ ᠳᠤ ᠰᠢᠨ᠎ᠠ ᠠᠮᠢᠵᠢᠷᠡᠯ ᠤᠨ ᠬᠦᠴᠦᠨ ᠨᠠᠮᠡᠷᠢᠯᠡᠪᠡ᠃
       ︽ᠦᠨᠳᠦᠰᠤᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠶᠢᠨ ᠲᠤᠬᠠᠢ ᠶᠢᠨ ᠳᠠᠯᠠᠪᠠᠢ ᠳᠤ᠂ ᠰᠠᠶᠢᠨ ᠲᠤᠷᠠᠴᠤᠳ ᠭᠠᠷ ᠤᠨ ᠦᠰᠦᠭ ᠵᠢᠷᠤᠬᠤ ᠶᠣᠰᠤᠯᠠᠯ ᠪᠣᠯᠣᠨ ᠬᠠᠤᠯᠢ ᠴᠠᠭᠠᠵᠠ ᠶᠢᠨ ᠤᠬᠠᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠤ᠂ ᠨᠡᠶᠢᠭᠡᠮ ᠲᠠᠶᠠᠭᠠᠷ ᠤᠨ ᠬᠠᠤᠯᠢ ᠶᠢ ᠰᠤᠷᠴᠤ ᠬᠠᠤᠯᠢ ᠶᠢ ᠤᠶᠢᠯᠠᠭᠠᠵᠣ ᠬᠠᠤᠯᠢ ᠶᠢ ᠬᠡᠷᠡᠭᠯᠠᠵᠤ ᠬᠠᠤᠯᠢ ᠶᠢ ᠰᠠᠬᠢᠬᠤ ᠶᠢ ᠬᠦᠮᠤᠵᠢᠭᠦᠯᠦᠨ ᠬᠦᠳᠦᠯᠤᠨ ᠵᠢᠯᠤᠭᠤᠳᠪᠠ᠃
       ᠠᠷᠤ ᠬᠤᠷᠴᠢᠨ ᠬᠤᠰᠢᠭᠤᠨ ᠤ ᠠᠷᠠᠳ ᠤᠨ ᠲᠦᠯᠥᠭᠡᠯᠡᠭᠴᠢ ᠪᠣᠯᠣᠨ ᠰᠠᠶᠢᠨ ᠲᠣᠷᠠᠴᠣᠣᠨ ᠬᠠᠷᠢᠶ᠎ᠠ ᠣᠷᠣᠨ ᠤ ᠬᠦᠴᠢᠷᠳᠡᠯᠲᠠᠢ ᠪᠠᠭᠠᠴᠤᠳ ᠬᠡᠣᠤᠬᠡᠳ ᠢ ᠪᠣᠯᠭᠤᠭᠠᠨ ᠳᠣᠬᠤᠨᠢᠭᠤᠯᠵᠤ᠂ ᠪᠢᠴᠢᠭ ᠤᠨ ᠬᠡᠷᠡᠭᠰᠡᠯ᠂ ᠠᠮᠢᠳᠤᠷᠡᠯ ᠤᠨ ᠬᠡᠷᠡᠭᠰᠡᠯ᠂ ᠳᠣᠬᠤᠨᠢᠭᠤᠯᠤᠯ ᠤᠨ  ᠮᠦᠩᠬᠦ  ᠬᠦᠷᠭᠡᠭᠰᠡᠨ  ᠪᠥᠭᠡᠳ  ᠲᠠᠲᠠᠨᠠᠷ ᠢ  ᠰᠠᠶᠢᠲᠤᠷ  ᠰᠤᠷᠤᠯᠴᠠᠵᠤ᠂ ᠡᠷᠡᠭᠦᠯ ᠴᠢᠬᠢᠷᠠᠭ ᠢᠶᠠᠷ ᠦᠰᠤᠨ ᠪᠣᠶᠢᠵᠢᠬᠤ ᠶᠢ ᠵᠣᠷᠢᠭᠵᠢᠭᠤᠯᠤᠨ᠂ ᠲᠣᠰ ᠤᠳᠠᠭᠠᠨ ᠤ ᠠᠵᠢᠯᠯᠠᠭ᠎ᠠ ᠳᠤ ᠬᠢᠯᠡᠰ ᠴᠡᠭ ᠨᠠᠮᠡᠵᠠᠢ᠃
       ︽ᠬᠤᠪᠢ ᠨᠡᠮᠡᠷᠢ ᠦᠵᠡᠭᠦᠯᠬᠦ᠂ ᠡᠶ᠎ᠡ ᠨᠡᠶᠢᠷᠠᠮᠳᠠᠭᠤ᠂ ᠬᠠᠷᠢᠯᠴᠠᠨ ᠬᠠᠪᠰᠤᠷᠤᠯᠴᠠᠬᠤ᠂ ᠣᠷᠣᠭᠰᠢᠯᠠᠨ ᠲᠠᠪᠰᠢᠬᠤ︾ ᠰᠠᠶᠢᠨ ᠲᠤᠷ᠎ᠠ ᠶᠢᠨ ᠵᠣᠷᠢᠭ ᠰᠠᠨᠠᠭ᠎ᠠ ᠨᠢ ᠠᠮᠢᠳᠤᠷᠠᠯ ᠤᠨ ᠳᠤᠮᠳᠠᠬᠢ ᠡᠩ ᠤᠨ ᠵᠦᠢᠯᠡᠰ ᠲᠤ ᠣᠷᠣᠰᠢᠨ᠎ᠠ᠂ ᠲᠡᠷᠡ ᠨᠢ ᠤᠯᠠᠨ ᠲᠦᠮᠡᠨ ᠤ ᠵᠤᠯ ᠵᠢᠷᠭᠠᠯᠲᠤ ᠲᠦᠷᠥᠭᠳᠡᠯ ᠢ ᠨᠡᠮᠡᠭᠳᠡᠭᠦᠯᠦᠨ᠂ ᠠᠮᠢᠳᠤᠷᠡᠯ ᠳᠤ ᠰᠠᠶᠢᠨ ᠰᠠᠶᠢᠬᠠᠨ ᠢ ᠠᠪᠴᠢᠷᠠᠳᠠᠭ᠃ ᠠᠷᠤ ᠬᠤᠷᠴᠢᠨ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠨᠢ ᠦᠷᠭᠦᠯᠵᠢᠳᠠ ᠪᠠᠨ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠦᠢᠯᠡᠳᠤᠯᠭᠡᠵᠢᠭᠦᠯᠣᠨ ᠴᠢᠷᠮᠠᠶᠢᠨ ᠠᠵᠢᠯᠯᠠᠬᠤ ᠪᠣᠯᠣᠨ᠎ᠠ᠃ ︵ᠤᠷᠭᠤᠮᠠᠯ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号