12 ᠰᠠᠷ᠎ᠠ ᠶᠢᠨ 6 ᠤ ᠡᠳᠦᠷ᠂ ᠳᠤᠮᠳᠠᠳᠤ ᠤᠯᠤᠰ ᠤᠨ ᠵᠦᠩ ᠬᠤᠸᠠ ᠬᠢᠴᠢᠶᠡᠯ ᠲᠥᠷᠥᠯ ᠤᠨ ᠵᠢᠭᠠᠨ | ᠰᠤᠳᠤᠯᠬᠤ ᠲᠠᠰᠤᠭ ᠤᠨ ᠡᠬᠢᠯᠡᠯᠲᠡ ᠶᠢᠨ ᠶᠣᠰᠣᠯᠠᠯ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠳᠤ | ᠶᠠᠪᠤᠭᠳᠠᠵᠤ᠂ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠸᠠᠩ | ᠶᠤᠸᠠᠨ ᠪᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | | | | ᠸᠠᠩ ᠶᠤᠸᠠᠨ ᠪᠢᠨ ᠶᠠᠷᠢᠶᠠᠨ ᠳᠤ ᠪᠠᠨ᠂ ᠬᠢᠴᠢᠶᠡᠯ ᠲᠥᠷᠥᠯ ᠤᠨ ᠵᠢᠭᠠᠨ ᠰᠤᠳᠤᠯᠬᠤ ᠲᠠᠰᠤᠭ ᠬᠥᠲᠥᠯᠥᠨ | ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠭᠦᠢᠴᠡᠣᠨ ᠪᠠᠳᠠᠷᠠᠭᠤᠯᠵᠤ ᠵᠢᠭᠠᠨ ᠰᠤᠷᠭᠠᠯᠲᠠ ᠶᠢᠨ ᠰᠤᠳᠤᠯᠭᠠᠨ | ᠪᠠ ᠬᠢᠴᠢᠶᠡᠯᠡᠯᠭᠡ ᠶᠢ ᠨᠡᠭᠡᠭᠡᠨ ᠬᠥᠭᠵᠢᠭᠦᠯᠬᠦ ᠠᠵᠢᠯ ᠢ ᠭᠦᠨᠵᠡᠭᠡᠶ ᠰᠠᠶᠢᠲᠤᠷ ᠥᠷᠨᠢᠭᠦᠯᠬᠦ ᠶᠢᠨ ᠬᠠᠮᠲᠤ᠂ ᠪᠠᠭᠰᠢ ᠶᠢᠨ | ᠪᠣᠯᠪᠠᠰᠤᠷᠠᠯ᠂ ᠵᠢᠭᠠᠨ ᠰᠤᠷᠭᠠᠯᠲᠠ ᠶᠢᠨ ᠰᠤᠳᠤᠯᠤᠨ ᠶᠠᠷᠢᠯᠴᠠᠭ᠎ᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠᠷ | ᠳᠠᠮᠵᠢᠭᠤᠯᠤᠨ᠂ ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠵᠢᠭᠠᠨ ᠰᠤᠷᠭᠠᠯᠲᠠ ᠶᠢᠨ ᠴᠢᠳᠠᠪᠤᠷᠢ ᠶᠢ | ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠤᠭᠴᠢ ᠪᠠᠷ ᠭᠤᠤᠯ ᠪᠣᠯᠭᠠᠨ ᠠᠳᠠᠯᠢ ᠪᠤᠰᠤ ᠬᠢᠷᠢ ᠬᠡᠮᠵᠢᠶ᠎ᠡ ᠲᠠᠢ | ᠰᠤᠷᠤᠭᠴᠢᠳ ᠲᠤ ᠲᠣᠬᠢᠷᠠᠬᠤ ᠵᠢᠭᠠᠨ ᠰᠤᠷᠭᠠᠯᠲᠠ ᠶᠢᠨ ᠬᠡᠪ ᠵᠠᠭᠪᠤᠷ ᠢ ᠬᠠᠶᠢᠨ ᠰᠦᠪᠡᠭᠴᠢᠯᠡᠵᠦ᠂ | ᠰᠤᠷᠤᠭᠴᠢᠳ ᠤᠨ ᠰᠤᠷᠤᠯᠴᠠᠬᠤ ᠤᠷᠮ᠎ᠠ ᠵᠣᠷᠢᠭ ᠪᠠ ᠬᠠᠶᠢᠨ ᠰᠦᠪᠡᠭᠴᠢᠯᠡᠬᠦ ᠬᠦᠰᠡᠯ ᠢ ᠬᠥᠭᠵᠢᠭᠡᠨ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠰᠤᠷᠤᠭᠴᠢᠳ ᠤᠨ ᠪᠦᠬᠦ ᠲᠠᠯ᠎ᠠ ᠶᠢᠨ | ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠶᠢ ᠬᠦᠰᠡᠵᠦ ᠪᠠᠶᠢᠨ᠎ᠠ ᠭᠡᠵᠡᠶ᠃ | | | | ᠳᠠᠷᠠᠭ᠎ᠠ ᠨᠢ᠂ ᠬᠤᠷᠠᠯ ᠳᠤ ᠣᠷᠣᠯᠴᠠᠭᠰᠠᠳ ᠬᠠᠮᠲᠤ ᠪᠠᠷ ᠬᠢᠴᠢᠶᠡᠯ ᠲᠥᠷᠥᠯ ᠤᠨ ᠵᠢᠭᠠᠨ ᠰᠤᠳᠤᠯᠬᠤ | ᠲᠠᠰᠤᠭ ᠤᠨ ᠲᠣᠨᠤᠭ ᠲᠥᠬᠦᠭᠡᠷᠦᠮᠵᠢ ᠪᠠ ᠣᠷᠴᠢᠨ ᠲᠣᠭᠤᠷᠢᠨ ᠢ ᠦᠵᠡᠭᠰᠡᠨ ᠪᠥᠭᠡᠳ ᠪᠠᠭᠰᠢ ᠨᠠᠷ ᠲᠠᠢ | ᠳᠣᠲᠣᠨᠣ ᠪᠠᠷ ᠶᠠᠷᠢᠯᠴᠠᠪᠠ᠃ ᠬᠢᠴᠢᠶᠡᠯ ᠲᠥᠷᠥᠯ ᠤᠨ ᠵᠢᠭᠠᠨ ᠰᠤᠳᠤᠯᠬᠤ ᠲᠠᠰᠤᠭ ᠤᠨ ᠪᠠᠭᠰᠢ ᠨᠠᠷ ᠠᠴᠠ ︽ᠵᠢᠭᠠᠨ | ᠰᠤᠳᠤᠯᠬᠤ ᠲᠠᠰᠤᠭ ᠪᠠᠶᠢᠭᠤᠯᠣᠡᠡᠳ᠋ᠬᠠᠰᠡᠨ ᠨᠢ ᠪᠢᠳᠡᠨ ᠤ ᠵᠢᠭᠠᠨ ᠰᠤᠷᠭᠠᠯᠲᠠ ᠶᠢᠨ ᠰᠤᠳᠤᠯᠭᠠᠨ ᠳᠤ ᠳᠥᠭᠦᠮ | ᠦᠵᠡᠭᠦᠯᠦᠨ ᠳᠡᠮᠵᠢᠯᠭᠡ ᠬᠠᠩᠭᠠᠪᠠ᠃ ᠪᠢᠳᠡ ᠡᠨᠡ ᠬᠦ ᠲᠠᠪᠴᠠᠩ ᠢ ᠭᠦᠢᠴᠡᠣᠨ ᠠᠰᠢᠭᠯᠠᠨ ᠵᠢᠭᠠᠨ ᠰᠤᠷᠭᠠᠯᠲᠠ ᠶᠢᠨ | ᠰᠤᠳᠤᠯᠭᠠᠨ ᠪᠠ ᠰᠣᠯᠢᠯᠴᠠᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠤᠰ ᠪᠡᠶ᠎ᠡ ᠶᠢᠨ ᠵᠢᠭᠠᠨ | ᠰᠤᠷᠭᠠᠯᠲᠠ ᠶᠢᠨ ᠬᠢᠷᠢ ᠲᠦᠪᠰᠢᠨ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ︾ ᠭᠡᠵᠡᠶ᠃ | | | | ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠵᠥᠩ ᠬᠤᠸᠠ ᠪᠦᠯᠦᠭᠯᠡᠯ 20 ᠲᠦᠮᠡᠨ ᠲᠥᠭᠦᠷᠢᠭ ᠤᠨ | ᠬᠠᠪᠰᠤᠷᠤᠨ ᠲᠡᠳᠬᠦᠬᠦ ᠪᠡᠯᠡ ᠮᠥᠩᠭᠦ ᠵᠠᠷᠤᠴᠠᠭᠤᠯᠤᠨ᠂ ᠴᠢᠪᠠᠭ᠎ᠠ ᠵᠢᠷᠭᠤᠳᠤᠭᠠᠷ ᠳᠤᠮᠳᠠᠳᠤ ᠰᠤᠷᠭᠠᠭᠤᠯᠢ ᠳᠤ | ᠬᠢᠴᠢᠶᠡᠯ ᠲᠥᠷᠥᠯ ᠤᠨ ᠵᠢᠭᠠᠨ ᠰᠤᠳᠤᠯᠬᠤ ᠲᠠᠰᠤᠭ 9 ᠪᠠᠶᠢᠭᠤᠯᠵᠤ᠂ ᠴᠢᠪᠠᠭ᠎ᠠ ᠵᠢᠷᠭᠤᠳᠤᠭᠠᠷ ᠳᠤᠮᠳᠠᠳᠤ | ᠰᠤᠷᠭᠠᠭᠤᠯᠢ ᠶᠢᠨ ᠨᠢᠭᠡᠳᠦᠭᠡᠷ ᠹᠷᠣᠨᠲ ᠤᠨ ᠪᠠᠭᠰᠢ ᠨᠠᠷ ᠤᠨ ᠬᠠᠮᠲᠤ ᠶᠢᠨ ᠣᠶᠤᠨ ᠤᠬᠠᠭᠠᠨ ᠢ ᠨᠢᠭᠲᠠᠷᠠᠭᠤᠯᠤᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠠᠲᠠᠭᠤ ᠲᠣᠨᠤᠭ ᠤᠨ | ᠰᠠᠭᠤᠷᠢᠯᠠᠯ ᠬᠠᠩᠭᠠᠪᠠ᠃ ︵ᠰᠠᠶᠢᠬᠠᠡᠬᠤᠸᠠᠷ︶ |