ᠨᠢᠭᠡ ᠳᠤ᠂ ᠹᠸᠢ ᠾᠧ ᠤᠶᠤᠨᠴᠢᠯᠠᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ | ᠵᠦᠢᠯ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 8.8 ᠳ᠋ᠦᠩᠰᠢᠭᠤᠷ ᠲᠥᠭᠦᠷᠢᠭ ᠲᠤ | ᠬᠦᠷᠴᠦ᠂ ᠣᠳᠣᠬᠠᠨ ᠳᠤ ᠨᠢᠭᠡᠨᠲᠡ 4.43 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ | ᠡᠭᠦᠨ ᠳᠤ ᠡᠨᠡ ᠵᠢᠯ ᠨᠢᠭᠡᠨᠲᠡ 2.43 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ᠲᠥᠷᠥᠯ ᠵᠦᠢᠯ ᠨᠢ ᠪᠠᠶᠢᠭᠤᠯᠤᠭᠳᠠᠨ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠳᠤ ᠳᠡᠭᠡᠳᠦ ᠲᠠᠰ ᠤᠨ | ᠨᠠᠶᠢᠷᠠᠯᠭ᠎ᠠ ᠲᠠᠢ ᠰᠦᠨ ᠲᠠᠯᠬ᠎ᠠ 4 ᠲᠦᠮᠡᠨ ᠲᠣᠨ᠂ ᠰᠦᠨ ᠲᠡᠮᠦᠷ ᠤᠨ ᠤᠭᠤᠷᠠᠭ 16.8 ᠲᠣᠨ᠂ ᠳᠠᠪᠤᠰᠤ | ᠥᠬᠡᠶᠢᠳᠡᠭᠦᠯᠦᠭᠰᠡᠨ ᠰᠦᠨ ᠲᠠᠯᠬ᠎ᠠ 3900 ᠲᠣᠨ᠂ ᠪᠢᠰᠢᠯᠠᠭ 9000 ᠲᠣᠨ ᠦᠢᠯᠡᠳᠪᠦᠷᠢᠯᠡᠵᠦ᠂ | ᠪᠣᠷᠣᠯᠠᠭᠤᠯᠤᠯᠲᠠ ᠶᠢᠨ ᠣᠷᠣᠯᠭ᠎ᠠ ᠶᠢ 60 ᠳ᠋ᠦᠩᠰᠢᠭᠤᠷ ᠲᠥᠭᠦᠷᠢᠭ᠂ ᠠᠰᠢᠭ ᠬᠤᠨᠵᠢᠪᠣᠷᠢ ᠨᠢ 8 ᠳ᠋ᠦᠩᠰᠢᠭᠤᠷ | ᠲᠥᠭᠦᠷᠢᠭ᠂ ᠭᠠᠶᠢᠯᠢ ᠶᠢᠨ ᠮᠥᠩᠭᠦ 6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 400 ᠬᠥᠮᠦᠨ ᠤ ᠠᠵᠢᠯ | ᠣᠯᠭᠤᠯᠲᠠ ᠶᠢ ᠰᠢᠭᠤᠳ ᠳᠠᠶᠢᠴᠢᠯᠠᠬᠤ ᠪᠣᠯᠣᠨ᠎ᠠ᠃ ᠨᠢᠭᠡᠨᠲᠡ ᠶᠡᠷᠦᠩᠬᠡᠶᠢᠯᠡᠭᠰᠡᠨ ᠠᠰᠠᠷ᠂ ᠬᠤᠭᠤᠯᠠᠨ ᠬᠡᠷ | ᠪᠠᠶᠢᠷᠢ ᠶᠢᠨ ᠭᠡᠷ ᠤᠨ ᠬᠡᠷᠡᠮ ᠢ ᠪᠠᠷᠢᠵᠤ᠂ ᠭᠤᠤᠯ ᠦᠢᠯᠡᠳᠪᠦᠷᠢ ᠶᠢᠨ ᠲᠠᠰᠤᠭ ᠤᠨ ᠣᠷᠣᠶ ᠶᠢ ᠪᠢᠲᠡᠭᠦᠮᠵᠢᠯᠡᠨ᠂ | ᠲᠤᠰᠠᠯᠠᠬᠤ ᠦᠢᠯᠡᠳᠪᠦᠷᠢ ᠶᠢᠨ ᠲᠠᠰᠤᠭ ᠤᠨ ᠪᠣᠯᠣᠳ ᠤᠨ ᠪᠦᠲᠦᠴᠡ ᠶᠢ ᠳᠠᠭᠤᠰᠬᠠᠵᠤ᠂ ᠬᠠᠲᠠᠭᠠᠬᠤ ᠰᠤᠪᠤᠷᠭ᠎ᠠ᠂ | ᠪᠢᠰᠢᠯᠠᠭ ᠤᠨ ᠦᠢᠯᠡᠳᠪᠦᠷᠢᠯᠡᠯ ᠤᠨ ᠱᠤᠭᠤᠮ ᠵᠡᠷᠭᠡ ᠬᠡᠰᠡᠭ ᠲᠥᠬᠦᠭᠡᠷᠦᠮᠵᠢ ᠶᠢ ᠨᠢᠭᠡᠨᠲᠡ ᠬᠤᠳᠠᠯᠳᠤᠨ ᠠᠪᠴᠤ | ᠳᠠᠭᠤᠰᠬᠠᠪᠠ᠃ ᠡᠨᠡ ᠵᠢᠯ ᠤᠨ ᠡᠴᠦᠰ ᠲᠤ ᠪᠣᠶ ᠪᠥᠬᠦᠶ ᠲᠠᠩ ᠴᠣᠭᠴᠠᠲᠤ ᠪᠠᠷᠢᠯᠭ᠎ᠠ ᠶᠢᠨ ᠭᠤᠤᠯ ᠴᠣᠭᠴᠠ ᠶᠢᠨ | ᠪᠦᠲᠦᠴᠡ ᠶᠢᠨ ᠢᠨᠵᠧᠨᠧᠷᠢᠩ ᠢ ᠪᠡᠶᠡᠯᠡᠭᠦᠯᠵᠦ᠂ ᠬᠦᠢᠲᠡᠨ ᠪᠢᠲᠡᠭᠦᠮᠵᠢᠯᠡᠯ ᠢ ᠪᠡᠶᠡᠯᠡᠭᠦᠯᠦᠨ᠎ᠡ᠃ ᠲᠦᠷᠦᠯ ᠵᠦᠢᠯ ᠤᠨ | ᠪᠠᠷᠢᠯᠭ᠎ᠠ ᠶᠢᠨ ᠢᠨᠵᠧᠨᠧᠷ ᠵᠢᠢ ᠰᠢᠶᠤᠤ ᠪᠥᠸᠧ ᠬᠡᠯᠡᠬᠦ ᠳᠡᠭᠡᠨ᠂ ᠲᠦᠷᠦᠯ ᠵᠦᠢᠯ ᠨᠢ ᠵᠢᠱᠢᠯᠲᠡ ᠪᠠᠷ 2025 | ᠣᠨ ᠤ 10 ᠰᠠᠷ᠎ᠠ ᠳᠤ ᠲᠤᠷᠰᠢᠨ ᠦᠢᠯᠡᠳᠪᠦᠷᠢᠯᠡᠬᠦ ᠪᠣᠯᠣᠨ᠎ᠠ᠃ | ᠬᠤᠶᠠᠷ ᠲᠤ᠂ ᠥᠪᠥᠷ ᠮᠣᠩᠭᠤᠯ ᠤᠨ ᠡᠨᠧᠷᠭᠢ ᠶᠢᠨ ᠠᠷᠤ ᠬᠤᠷᠴᠢᠨ ᠤ 100 ᠲᠦᠮᠡᠨ ᠺᠢᠯᠤᠸ᠋ᠲ ᠤᠨ | ᠰᠠᠯᠬᠢᠨ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠲᠣᠰ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 34.6 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠭᠤᠷᠪᠠᠳᠤᠭᠠᠷ ᠪᠦᠯᠦᠭ ᠤᠨ | ︽ᠡᠯᠡᠰᠦ ᠭᠣᠪᠢ ᠴᠦᠯ︾ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠮᠠᠰᠢᠨ | ᠴᠣᠭᠴᠠᠯᠠᠪᠤᠷᠢ ᠶᠢᠨ ᠬᠡᠪᠴᠢᠶ᠎ᠡ ᠨᠢ ᠳᠠᠩ ᠮᠠᠰᠢᠨ ᠤ ᠪᠠᠭᠲᠠᠭᠠᠮᠵᠢ ᠨᠢ 1 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ 100 ᠰᠠᠭᠤᠷᠢ᠂ 140 ᠮᠧᠲᠷ ᠤᠨ ᠥᠨᠳᠥᠷ ᠬᠤᠯᠢᠮᠠᠭ | ᠪᠦᠲᠦᠴᠡᠲᠦ ᠰᠤᠪᠤᠷᠭ᠎ᠠ ᠶᠢᠨ ᠮᠡᠷᠭᠡᠵᠢᠯ ᠢ ᠬᠡᠷᠡᠭᠯᠡᠵᠦ᠂ ᠴᠠᠬᠢᠯᠭᠠᠨ ᠭᠠᠷᠭᠠᠭᠰᠠᠨ ᠬᠡᠮᠵᠢᠶ᠎ᠡ ᠶᠢ ᠥᠪᠥᠷ ᠮᠣᠩᠭᠤᠯ ᠤᠨ | ᠵᠡᠭᠦᠨ ᠬᠡᠰᠡᠭ ᠤᠨ ᠴᠠᠬᠢᠯᠭᠠᠨ ᠭᠠᠷᠭᠠᠬᠤ ᠲᠣᠤᠷ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠤᠭᠤᠴᠠᠭᠠᠨ ᠳᠤ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ 500 ᠺᠢᠯᠣᠸᠠᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠥᠷᠲᠡᠭᠡ ᠳᠤ ᠵᠠᠯᠭᠠᠵᠤ᠂ ᠠᠵᠤ ᠠᠬᠤᠶ ᠶᠢᠨ ᠴᠢᠨᠠᠷ ᠪᠠ ᠴᠠᠬᠢᠯᠭᠠᠨ ᠭᠠᠷᠭᠠᠬᠤ | ᠬᠡᠮᠵᠢᠶ᠎ᠡ ᠨᠢ ᠬᠠᠷᠢᠴᠠᠩᠭᠤᠶ ᠪᠠᠷ ᠨᠡᠯᠢᠶᠡᠳ ᠥᠨᠳᠥᠷ ᠪᠠᠶᠢᠵᠤ᠂ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ᠂ ᠵᠢᠯ ᠳᠤ ᠳᠤᠮᠳᠠᠴᠢ ᠪᠠᠷ 2791 ᠴᠠᠭ ᠴᠠᠬᠢᠯᠭᠠᠨ ᠭᠠᠷᠭᠠᠵᠤ᠂ ᠲᠤᠤᠷ ᠲᠤ | ᠣᠷᠣᠭᠤᠯᠬᠤ ᠴᠠᠬᠢᠯᠭᠠᠨ ᠤ ᠬᠡᠮᠵᠢᠶ᠎ᠡ ᠨᠢ 28 ᠳ᠋ᠦᠩᠰᠢᠭᠤᠷ ᠭᠷᠠᠳᠦ᠋ᠰ ᠪᠠᠶᠢᠵᠤ᠂ ᠡᠵᠡᠩᠨᠡᠯᠲᠡ ᠶᠢᠨ ᠣᠷᠣᠯᠭ᠎ᠠ ᠨᠢ 8 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠬᠤ ᠶᠢ ᠪᠡᠶᠡᠯᠡᠭᠦᠯᠵᠦ᠂ ᠪᠦᠬᠦ ᠬᠤᠲᠠ ᠶᠢᠨ ᠰᠠᠯᠬᠢᠨ ᠬᠦᠴᠦᠨ ᠤ | ᠴᠠᠬᠢᠯᠭᠠᠨ ᠤ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ ᠵᠢᠯ ᠤᠨ | ᠡᠴᠦᠰ ᠲᠤ ᠲᠣᠣᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠠᠷᠤ | ᠬᠤᠷᠴᠢᠨ ᠬᠤᠰᠢᠭᠤ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠬᠢᠴᠠ ᠶᠢ ᠪᠥᠬᠦ ᠬᠦᠴᠦᠨ ᠢᠶᠠᠷ ᠢᠶᠠᠨ | ᠠᠬᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠠᠭ ᠢ ᠲᠣᠳᠣᠷᠬᠠᠶᠢᠯᠠᠨ᠂ | ᠭᠠᠷᠠᠭ ᠪᠦᠷᠢ ᠲᠥᠷᠥᠯ ᠵᠦᠢᠯ ᠤᠨ ᠠᠬᠢᠴᠠ ᠶᠢ ᠲᠣᠬᠢᠷᠠᠭᠤᠯᠵᠤ᠂ ᠲᠥᠷᠥᠯ ᠵᠦᠢᠯ ᠤᠨ ᠠᠬᠢᠴᠠ ᠶᠢ ᠬᠢᠵᠠᠭᠠᠷᠯᠠᠬᠤ | ᠬᠦᠯᠢᠶᠡᠰᠦ ᠶᠢ ᠬᠦᠴᠦᠯᠡᠨ ᠠᠷᠢᠯᠭᠠᠵᠤ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ | ᠪᠦᠲᠦᠮᠵᠢ ᠣᠯᠬᠤ ᠶᠢ ᠠᠬᠢᠭᠤᠯᠪᠠ᠃ ᠣᠳᠣᠬᠠᠨ ᠳᠤ᠂ ᠰᠠᠯᠬᠢᠨ ᠬᠦᠴᠦᠨ ᠤ ᠮᠠᠰᠢᠨ ᠤ ᠰᠠᠭᠤᠷᠢ ᠶᠢ ᠴᠢᠳᠬᠤᠬᠤ | 50 ᠰᠠᠭᠤᠷᠢ᠂ ᠬᠤᠯᠢᠮᠠᠭ ᠪᠦᠲᠦᠴᠡᠲᠦ ᠰᠤᠪᠤᠷᠭ᠎ᠠ ᠶᠢ ᠳᠡᠭᠦᠵᠢᠯᠡᠨ ᠤᠭᠰᠠᠷᠠᠬᠤ 10 ᠰᠠᠭᠤᠷᠢ᠂ ᠰᠠᠯᠬᠢᠨ | ᠬᠦᠴᠦᠨ ᠤ ᠮᠠᠰᠢᠨ ᠤ ᠮᠠᠰᠢᠨ ᠴᠣᠭᠴᠠᠯᠠᠪᠤᠷᠢ ᠶᠢ ᠳᠡᠭᠦᠵᠢᠯᠡᠨ ᠤᠭᠰᠠᠷᠠᠬᠤ᠂ ᠴᠠᠬᠢᠯᠭᠠᠨ ᠬᠤᠷᠠᠮᠳᠠᠭᠤᠯᠬᠤ | ᠱᠤᠭᠤᠮ ᠤᠨ ᠪᠠᠷᠢᠯᠭ᠎ᠠ ᠵᠢᠴᠢ ᠬᠦᠴᠦᠳᠡᠯ ᠳᠡᠭᠡᠭᠰᠢᠯᠡᠭᠦᠯᠬᠦ ᠥᠷᠲᠡᠭᠡ ᠶᠢᠨ ᠪᠠᠷᠢᠯᠭ᠎ᠠ ᠵᠡᠷᠭᠡ ᠡᠯ᠎ᠡ ᠵᠦᠢᠯ ᠤᠨ | ᠪᠠᠷᠢᠯᠭ᠎ᠠ ᠶᠢᠨ ᠡᠭᠦᠷᠭᠡ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠵᠢᠯ ᠤᠨ ᠳᠣᠲᠣᠷ᠎ᠠ 20 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 14.9 ᠳ᠋ᠦᠩᠰᠢᠭᠤᠷ ᠲᠥᠭᠦᠷᠢᠭ ᠤᠨ | ᠪᠡᠯᠡ ᠣᠷᠣᠭᠤᠯᠤᠯᠲᠠ ᠶᠢ ᠨᠢᠭᠡᠨᠲᠡ ᠪᠡᠶᠡᠯᠡᠭᠦᠯᠪᠡ᠃ | ᠭᠤᠷᠪᠠ ᠳᠤ᠂ ᠥᠪᠥᠷ ᠮᠣᠩᠭᠤᠯ ᠤᠨ ᠯᠢᠩ ᠶᠦᠨ ᠬᠠᠶ ᠰᠢᠬᠢᠷ ᠤᠨ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠰᠢᠬᠢᠷ ᠯᠤᠤᠪᠠᠩ ᠦᠢᠯᠡᠳᠪᠦᠷᠢᠯᠡᠵᠦ ᠡᠳ᠋ᠰᠢᠭᠦᠯᠬᠦ ᠲᠥᠷᠥᠯ | ᠵᠦᠢᠯ ᠂ ᠲᠤᠰ ᠲᠥᠷᠥᠯ ᠵᠦᠢᠯ ᠨᠢ ᠣᠳᠣᠬᠠᠨ ᠤ ᠤᠯᠤᠰ ᠤᠨ ᠳᠣᠲᠣᠭᠠᠳᠤ ᠶᠢᠨ ᠡᠳᠦᠷ ᠪᠦᠷᠢ ᠶᠢᠨ | ᠪᠣᠯᠪᠠᠰᠤᠷᠠᠭᠤᠯᠤᠨ ᠦᠢᠯᠡᠳᠪᠦᠷᠢᠯᠡᠬᠦ ᠴᠢᠳᠠᠪᠤᠷᠢ ᠪᠠᠷ ᠬᠠᠮᠤᠭ ᠤᠨ ᠶᠡᠭᠡ ᠰᠢᠬᠢᠷ ᠯᠤᠤᠪᠠᠩ ᠢᠶᠠᠷ ᠰᠢᠬᠢᠷ ᠬᠢᠬᠦ | ᠦᠢᠯᠡᠳᠪᠦᠷᠢᠯᠡᠯ ᠤᠨ ᠱᠤᠭᠤᠮ ᠲᠠᠢ ᠪᠠᠶᠢᠵᠤ᠂ ᠡᠳᠦᠷ ᠪᠦᠷᠢ 6000 ᠲᠣᠨ ᠰᠢᠬᠢᠷ ᠯᠤᠤᠪᠠᠩ ᠪᠣᠯᠪᠠᠰᠤᠷᠠᠭᠤᠯᠵᠤ | ᠳᠡᠶᠢᠯᠦᠨ᠎ᠡ᠃ 2024 ᠣᠨ ᠤ ᠰᠢᠬᠠᠬᠤ ᠤᠯᠠᠷᠢᠯ 10 ᠰᠠᠷ᠎ᠠ ᠶᠢᠨ 8 ᠤ ᠡᠳᠦᠷ ᠠᠴᠠ ᠡᠬᠢᠯᠡᠵᠦ᠂ 10 | ᠰᠠᠷ᠎ᠠ ᠶᠢᠨ 31 ᠤ ᠡᠳᠦᠷ ᠪᠣᠯᠲᠠᠯ᠎ᠠ᠂ ᠨᠢᠭᠡᠨᠲᠡ 40 ᠲᠦᠮᠡᠨ ᠲᠣᠨ ᠰᠢᠬᠢᠷ ᠯᠤᠤᠪᠠᠩ ᠬᠤᠳᠠᠯᠳᠤᠨ ᠠᠪᠴᠤ᠂ | 18.5 ᠲᠦᠮᠡᠨ ᠲᠣᠨ ᠰᠢᠬᠢᠷ ᠯᠤᠤᠪᠠᠩ ᠢ ᠪᠣᠯᠪᠠᠰᠤᠷᠠᠭᠤᠯᠤᠨ᠂ 2.1 ᠲᠦᠮᠡᠨ ᠲᠣᠨ ᠰᠢᠬᠢᠷ ᠭᠠᠷᠭᠠᠪᠠ᠃ | ᠵᠢᠱᠢᠯᠲᠡ ᠪᠠᠷ ᠡᠨᠡ ᠵᠢᠯ 60 ᠲᠦᠮᠡᠨ ᠲᠣᠨ ᠰᠢᠬᠢᠷ ᠯᠤᠤᠪᠠᠩ ᠪᠣᠯᠪᠠᠰᠤᠷᠠᠭᠤᠯᠵᠤ᠂ ᠰᠢᠬᠢᠷ ᠤᠨ ᠭᠠᠷᠤᠯᠲᠠ ᠪᠠᠷᠤᠭ | 7 ᠲᠦᠮᠡᠨ ᠲᠣᠨ ᠪᠠᠶᠢᠵᠤ᠂ 5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠬᠦ | ᠪᠣᠯᠤᠨ᠎ᠠ᠃ | ᠳᠥᠷᠪᠡ ᠳᠤ᠂ ᠱᠠᠩᠬᠠᠢ ᠶᠢᠨ ᠴᠠᠬᠢᠯᠭᠠᠨ ᠬᠡᠢ ᠰᠠᠯᠬᠢᠨ ᠬᠦᠴᠦᠨ ᠤ ᠬᠤᠯᠢᠮᠠᠭ ᠪᠦᠲᠦᠴᠡᠲᠦ ᠰᠤᠪᠤᠷᠭ᠎ᠠ ᠶᠢᠨ | ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠲᠤᠰ ᠲᠦᠷᠦᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 0.6 ᠳ᠋ᠦᠩᠰᠢᠭᠤᠷ ᠲᠥᠭᠦᠷᠢᠭ ᠪᠠᠶᠢᠵᠤ᠂ ᠣᠳᠣᠬᠠᠨ ᠳᠤ ᠨᠢᠭᠡᠨᠲᠡ ᠵᠢᠯ ᠤᠨ | ᠳᠣᠲᠣᠷ᠎ᠠ 0.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠪᠡ᠃ ᠲᠣᠰ | ᠲᠥᠷᠥᠯ ᠵᠦᠢᠯ ᠨᠢ 4000 ᠲᠦᠮᠡᠨ ᠲᠥᠭᠦᠷᠢᠭ ᠤᠨ ᠠᠰᠢᠭᠯᠠᠭᠳᠠᠭ᠎ᠠ ᠦᠭᠡᠢ ᠪᠠᠶᠢᠭᠰᠠᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠬᠡᠷᠡᠭᠯᠯᠡᠲᠡ ᠳᠤ ᠣᠷᠤᠭᠤᠯᠵᠤ᠂ ᠦᠢᠯᠡᠳᠪᠦᠷᠢ ᠶᠢᠨ ᠲᠠᠰᠤᠭ ᠤᠨ ᠡᠵᠡᠯᠡᠬᠦ | ᠲᠠᠯᠠᠪᠠᠶ ᠨᠢ 1.4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠡᠶᠢᠲᠡ 2 ᠬᠤᠯᠢᠮᠠᠭ ᠪᠦᠲᠦᠴᠡᠲᠦ | ᠰᠤᠪᠤᠷᠭ᠎ᠠ ᠶᠢᠨ ᠦᠢᠯᠡᠳᠪᠦᠷᠢᠯᠡᠯ ᠤᠨ ᠱᠤᠭᠤᠮ ᠢ ᠪᠥᠲᠥᠭᠡᠨ ᠪᠠᠶᠢᠭᠤᠯᠵᠤ᠂ 2 ᠢᠵᠢ 3060 ᠲᠣᠬᠢᠷᠠᠭᠤᠯᠵᠤ | ᠪᠣᠯᠬᠤᠶᠢᠴᠠ ᠬᠠᠨ᠎ᠠ ᠨᠢ ᠵᠤᠵᠠᠭᠠᠨ ᠳᠡᠭᠡᠳᠦ ᠬᠡᠮᠵᠢᠶᠡᠨ ᠤ ᠨᠠᠷᠢᠯᠢᠭᠵᠢᠭᠤᠯᠤᠭᠰᠠᠨ ᠬᠡᠪ ᠢ ᠳᠣᠭᠢᠷᠠᠭᠤᠯᠤᠨ᠂ ᠵᠢᠷᠤᠵᠤ | ᠲᠥᠯᠥᠪᠯᠡᠨ ᠦᠢᠯᠡᠳᠪᠦᠷᠢᠯᠡᠬᠦ ᠴᠢᠳᠠᠮᠵᠢ ᠨᠢ ᠵᠢᠯ ᠪᠦᠷᠢ 200 ᠰᠠᠭᠤᠷᠢ ᠬᠤᠯᠢᠮᠠᠭ ᠪᠦᠲᠦᠴᠡᠲᠦ ᠰᠤᠪᠤᠷᠭ᠎ᠠ | ᠪᠠᠶᠢᠵᠤ᠂ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠨᠢ 1.75 ᠳ᠋ᠦᠩᠰᠢᠭᠤᠷ ᠲᠥᠭᠦᠷᠢᠭ ᠬᠦᠷᠴᠦ᠂ | 230 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠲᠤᠰᠢᠶᠠᠨ᠂ 500 ᠺᠢᠯᠣᠮᠧᠲᠷ ᠤᠨ ᠬᠡᠪᠴᠢᠶᠡᠨ ᠳᠠᠬᠢ ᠣᠯᠠᠨ | ᠬᠤᠯᠢᠮᠠᠭ ᠪᠦᠲᠦᠴᠡᠲᠦ ᠰᠤᠪᠤᠷᠭ᠎ᠠ ᠶᠢᠨ ᠲᠥᠷᠥᠯ ᠵᠦᠢᠯ ᠢ ᠬᠠᠮᠲᠤ ᠳᠤᠨᠢ ᠲᠤᠰᠢᠶᠠᠨ ᠦᠭᠴᠦ ᠪᠣᠯᠤᠨ᠎ᠠ᠃ | | |