| ᠨᠢᠭᠡ ᠳᠤ᠂ ᠣᠯᠠᠨ ᠡᠰᠢᠵᠢᠭᠦᠯᠦᠨ ᠪᠡᠯᠡ ᠣᠷᠤᠭᠤᠯᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠰᠠᠭᠤᠷᠢ ᠮᠥᠩᠭᠦ ᠪᠠᠶᠢᠭᠤᠯᠬᠤ᠂ ᠲᠥᠪ ᠤᠨ ᠠᠵᠤ ᠠᠬᠤᠶᠢᠯᠠᠯ ᠢ ᠳᠡᠶᠢᠴᠢᠯᠡᠨ ᠣᠷᠣᠯᠴᠠᠭᠤᠯᠬᠤ᠂ ᠨᠡᠶᠢᠲᠡ ᠶᠢᠨ | ᠠᠰᠠᠷᠠᠮᠵᠢ ᠶᠢᠨ ᠡᠯᠡᠰᠦ ᠶᠢ ᠵᠠᠰᠠᠬᠤ ᠠᠵᠢᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 112 | ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠦᠪᠡᠰᠦᠪᠡᠨ ᠬᠤᠷᠠᠮᠳᠤᠭᠤᠯᠵᠤ᠂ ᠡᠯ᠎ᠡ ᠭᠠᠵᠠᠷ ᠤᠨ ᠡᠯᠡᠰᠦᠷᠬᠡᠭᠵᠢᠯ ᠢ | ᠰᠡᠷᠭᠡᠶᠢᠯᠡᠨ ᠡᠯᠡᠰᠦ ᠶᠢ ᠵᠠᠰᠠᠬᠤ ᠳᠤ ᠨᠢᠭᠡᠳᠦᠯᠲᠡᠶ ᠲᠥᠯᠥᠪᠯᠡᠨ ᠬᠡᠷᠡᠭᠯᠡᠪᠡ᠃ ᠬᠤᠶᠠᠷ ᠲᠤ᠂ ᠣᠯᠠᠨ ᠲᠠᠯ᠎ᠠ ᠶᠢᠨ ᠬᠢᠨ ᠢ | ᠣᠷᠤᠯᠴᠠᠭᠤᠯᠪᠠ᠂ 15 ᠲᠠᠯ᠎ᠠ ᠶᠢᠨ 44 ᠵᠤᠷᠪᠤᠰ ᠠᠷᠭ᠎ᠠ ᠬᠡᠮᠵᠢᠶ᠎ᠡ ᠶᠢ ᠭᠠᠷᠭᠠᠵᠤ᠂ ᠡᠯ᠎ᠡ ᠭᠠᠵᠠᠷ ᠤᠨ ︽ᠤᠷᠢᠳ ᠢᠶᠠᠷ | ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠂ ︽ᠵᠠᠮ | ᠲᠡᠪᠢᠰᠬᠦ ᠪᠠ ᠠᠷᠠᠴᠢᠯᠠᠬᠤ ᠪᠠᠷ ᠡᠯᠡᠰᠦ ᠶᠢ ᠵᠠᠰᠠᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ | ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ ᠭᠤᠷᠪᠠ ᠳᠤ᠂ ᠭᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | 15 ᠲᠦᠷᠦᠯ ᠵᠦᠢᠯ ᠢ ᠬᠡᠷᠡᠭᠵᠢᠭᠦᠯᠵᠦ᠂ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠤᠨ ᠡᠯᠡᠰᠦ ᠶᠢ | ᠵᠠᠰᠠᠬᠤ ᠦᠷ᠎ᠡ ᠠᠰᠢᠭ ᠢ ᠳᠡᠭᠡᠭᠰᠢᠯᠡᠭᠦᠯᠬᠦ 7 ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠴᠢᠬᠢ | ᠮᠣᠳᠣᠨ ᠤ ᠬᠦᠷᠢᠶᠡᠯᠡᠩ ᠢ 40 ᠰᠠᠭᠤᠷᠢ ᠪᠠᠶᠢᠭᠤᠯᠵᠤ᠂ 3.2 ᠳ᠋ᠦᠩᠰᠢᠭᠤᠷ ᠰᠠᠭᠤᠷᠢ ᠴᠢᠬᠢ ᠮᠣᠳᠣ ᠪᠤᠶᠢᠵᠢᠭᠤᠯᠵᠤ᠂ | ᠡᠯ᠎ᠡ ᠲᠦᠷᠦᠯ ᠤᠨ ᠴᠢᠬᠢ ᠮᠣᠳᠣ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ ᠨᠢ 39 ᠲᠦᠮᠡᠨ ᠮᠦ ᠳᠤ | ᠬᠦᠷᠴᠦ᠂ ᠢᠷᠡᠬᠦ ᠵᠢᠯ ᠤᠨ ᠪᠣᠶᠢᠵᠢᠭᠤᠯᠤᠯᠳᠠ ᠳᠤ 20 ᠳ᠋ᠦᠩᠰᠢᠭᠤᠷ ᠰᠠᠭᠤᠷᠢ ᠣᠷᠴᠢᠮ ᠴᠢᠬᠢ ᠮᠣᠳᠣ ᠬᠠᠩᠭᠠᠬᠤ | ᠪᠣᠯᠤᠨ᠎ᠠ︔ ᠡᠪᠡᠰᠦᠨ ᠦᠷ᠎ᠠ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 36.7 ᠲᠦᠮᠡᠨ ᠮᠤ᠋ | ᠪᠠᠶᠢᠭᠤᠯᠵᠤ᠂ ᠵᠢᠯ ᠤᠨ ᠲᠠᠷᠢᠬᠤ ᠴᠢᠳᠠᠪᠤᠷᠢ 800 ᠲᠦᠮᠡᠨ ᠺᠢᠯᠤᠭ᠍ᠷᠠᠮ ᠳᠤ ᠬᠦᠷᠪᠡ︔ ᠡᠯ᠎ᠡ ᠭᠠᠵᠠᠷ ᠤᠨ ᠲᠤᠬᠠᠶ ᠶᠢᠨ | ᠭᠠᠵᠠᠷ ᠠᠴᠠ ᠪᠠᠨ ᠮᠠᠲ᠋ᠧᠷᠢᠶᠠᠯ ᠠᠪᠬᠤ᠂ ᠬᠠᠶᠠᠭᠳᠠᠮᠠᠯ ᠡᠳ᠋ ᠢ ᠡᠷᠳᠡᠨᠢ ᠪᠣᠯᠭᠠᠬᠤ ᠶᠢ ᠨᠢ ᠵᠣᠷᠢᠭᠵᠢᠭᠤᠯᠵᠤ᠂ 114.2 | ᠲᠦᠮᠡᠨ ᠲᠣᠨ ᠡᠯᠡᠰᠦ ᠶᠢ ᠬᠤᠷᠢᠭᠯᠠᠨ ᠵᠠᠰᠠᠬᠤ ᠪᠠᠳᠤᠯᠠᠭ᠎ᠠ ᠶᠢᠨ ᠮᠠᠲ᠋ᠧᠷᠢᠶᠠᠯ ᠢ ᠤᠷᠢᠳᠴᠢᠯᠠᠨ ᠨᠥᠭᠡᠴᠡᠯᠡᠵᠦ᠂ | ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠳᠤ ᠬᠡᠷᠡᠭᠯᠡᠬᠦ ᠴᠢᠬᠢ ᠮᠣᠳᠤᠨ ᠤ ᠮᠠᠲ᠋ᠧᠷᠢᠶᠠᠯ ᠤᠨ | ᠬᠡᠷᠡᠭᠴᠡᠭᠡ ᠶᠢ ᠪᠠᠳᠤᠯᠠᠪᠠ᠃ ᠲᠦᠷᠪᠡ ᠳᠤ᠂ ᠪᠠᠶᠢᠭᠤᠯᠵᠤ ᠣᠶᠢᠵᠢᠭᠤᠯᠤᠭᠰᠠᠨ ᠤ ᠳᠠᠷᠠᠭᠠᠬᠢ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠪᠠ᠂ ︽ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ +︾ ᠶᠢᠨ ᠵᠠᠭᠪᠤᠷ ᠢ | ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠠᠴᠠ ᠣᠷᠣᠯᠠᠨ ᠬᠠᠮᠢᠶᠠᠷᠬᠤ ᠲᠣᠭᠲᠠᠴᠠ ᠶᠢ | ᠬᠠᠶᠢᠨ ᠰᠦᠪᠡᠭᠴᠢᠯᠡᠵᠦ᠂ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ︽ᠣᠢ ᠰᠢᠭᠤᠢ ᠶᠢᠨ ᠲᠠᠯᠠᠪᠠᠢ | ᠠᠴᠠ ᠭᠠᠳᠠᠨ᠎ᠠ ᠣᠢ ᠰᠢᠭᠤᠢ ᠶᠢᠨ ᠲᠠᠯᠠᠪᠠᠢ ᠡᠷᠬᠢᠯᠡᠬᠦ︾ ︽ᠣᠢ ᠰᠢᠭᠤᠢ ᠶᠢᠨ ᠲᠠᠯᠠᠪᠠᠢ ᠠᠴᠠ ᠭᠠᠳᠠᠨᠠᠬᠢ ᠤᠢ | ᠰᠢᠭᠤᠢ ᠶᠢ ᠬᠠᠮᠢᠶᠠᠷᠴᠤ ᠬᠠᠮᠠᠭᠠᠯᠠᠬᠤ︾ ᠵᠡᠷᠭᠡ ᠨᠠᠶᠢᠳᠠᠨ ᠬᠠᠮᠢᠶᠠᠷᠤᠭᠤᠯᠬᠤ ᠠᠷᠭ᠎ᠠ ᠬᠡᠯᠪᠡᠷᠢ ᠠᠪᠬᠤ ᠶᠢ | ᠵᠣᠷᠢᠭᠵᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠬᠠᠮᠢᠶᠠᠷᠴᠤ ᠬᠠᠮᠠᠭᠠᠯᠠᠬᠤ | ᠶᠠᠰᠤ ᠴᠢᠨᠠᠷ ᠦᠷ᠎ᠡ ᠪᠦᠲᠦᠮᠵᠢ ᠶᠢ ᠲᠡᠭᠡᠭᠰᠢᠯᠡᠭᠦᠯᠪᠡ᠃ 2024 ᠣᠨ ᠳᠤ᠂ ᠮᠠᠨ ᠤ ᠣᠷᠣᠨ ᠨᠢᠭᠡᠨᠲᠡ | ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠶᠠᠨ 1954 ᠲᠦᠮᠡᠨ ᠮᠥ ᠪᠡᠶᠡᠯᠡᠭᠦᠯᠵᠦ᠂ ᠵᠢᠯ ᠤᠨ | ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃ ︵ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶ | | |