— 2024 ᠤᠨ ᠤ 1 ᠰᠠᠷ᠎ᠠ ᠶᠢᠨ 26 ᠤ ᠡᠳᠦᠷ ᠠᠷᠦ ᠬᠤᠷᠴᠢᠨ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠬᠡᠷ ᠬᠤᠷᠠᠯᠳᠤᠭᠠᠨ ᠳᠡᠬᠡᠷ᠎ᠡ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | | | ᠲᠥᠯᠥᠭᠡᠯᠡᠭᠴᠢᠳ ᠠ᠋᠄ | ᠬᠤᠰᠢᠭᠤᠨ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠡᠳᠦᠭᠡ 2023 ᠣᠨ ᠤ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ | 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ | ᠶᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ | ᠵᠥᠪᠯᠡᠭᠦᠯᠬᠦ ᠶᠢᠨ ᠬᠠᠮᠲᠤ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠬᠤᠷᠠᠯ ᠳᠤ ᠰᠤᠯᠠ | ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ | ᠨᠢᠭᠡ᠂ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ | 2023 ᠣᠨ ᠳᠤ᠂ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤᠯᠤᠰ | ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠬᠤᠰᠢᠭᠤ ᠳᠠᠶᠠᠭᠠᠷ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠬᠥᠭᠵᠢᠯᠲᠡ ᠪᠠ ᠠᠮᠤᠷ ᠲᠦᠪᠰᠢᠨ᠂ ᠠᠵᠤ ᠠᠬᠤᠢ ᠶᠢᠨ ᠬᠥᠭᠵᠢᠯᠲᠡ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ | ᠰᠠᠶᠢᠵᠢᠷᠠᠭᠤᠯᠬᠤ ᠶᠢ ᠨᠢᠭᠡᠳᠦᠯᠲᠡᠢ ᠲᠥᠯᠥᠪᠯᠡᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠪᠠ᠃ ᠵᠢᠱᠢᠯᠲᠡ ᠪᠠᠷ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ | 117.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ 7% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ 4.28 ᠳ᠋ᠦᠩᠰᠢᠭᠤᠷ ᠲᠥᠭᠦᠷᠢᠭ ᠪᠡᠶᠡᠯᠡᠭᠦᠯᠵᠦ᠂ 12.1% ᠪᠠᠷ ᠨᠡᠮᠡᠭᠳᠡᠪᠡ︔ | ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 36.3 ᠳ᠋ᠦᠩᠰᠢᠭᠤᠷ | ᠲᠥᠭᠦᠷᠢᠭ ᠪᠡᠶᠡᠯᠡᠭᠦᠯᠵᠦ᠂ 16% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠦᠬᠦ ᠲᠤᠭ᠎ᠠ ᠶᠢ 31.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6.5% ᠪᠠᠷ ᠨᠡᠮᠡᠭᠳᠡᠪᠡ︔ | ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ 35370 ᠲᠥᠭᠦᠷᠢᠭ ᠪᠠ 15390 ᠲᠥᠭᠦᠷᠢᠭ ᠪᠡᠶᠡᠯᠡᠭᠦᠯᠵᠦ᠂ ᠲᠣᠰ ᠲᠣᠰ 7% ᠪᠠ 9% | ᠪᠠᠷ ᠨᠡᠮᠡᠭᠳᠡᠪᠡ᠃ | ︵ᠨᠢᠭᠡ︶ ᠪᠣᠳᠠᠲᠤ ᠴᠣᠭᠴᠠ ᠶᠢ ᠴᠢᠩᠭᠠᠳᠬᠠᠨ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠠᠵᠤ | ᠦᠢᠯᠡᠰ ᠤᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠪᠡ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠪᠡ᠃ ᠠᠮᠤ ᠪᠤᠳᠠᠭᠠᠨ ᠤ | ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ 12.5 ᠲᠦᠮᠡᠨ ᠮᠦ ᠪᠠᠷᠢᠮᠵᠢᠶᠠᠲᠤ ᠲᠠᠷᠢᠶᠠᠨ | ᠭᠠᠵᠠᠷ ᠢ ᠰᠢᠨ᠎ᠡ ᠪᠠᠷ ᠨᠡᠮᠡᠭᠳᠡᠭᠦᠯᠦᠨ᠂ ᠲᠠᠷᠢᠮᠠᠯ ᠤᠨ ᠲᠠᠷᠢᠭᠰᠠᠨ ᠲᠠᠯᠠᠪᠠᠶ ᠶᠢ 333 ᠲᠦᠮᠡᠨ ᠮᠦ ᠪᠡᠶᠡᠯᠡᠭᠦᠯᠵᠦ᠂ | ᠠᠮᠤ ᠪᠤᠳᠠᠭᠠᠨ ᠤ ᠵᠢᠯ ᠤᠨ ᠤᠨᠠᠯᠲᠠ ᠶᠢ 10 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ | ᠲᠣᠭᠲᠠᠪᠤᠷᠢᠵᠢᠭᠤᠯᠪᠠ᠃ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠰᠠᠭᠤᠷᠢ ᠡᠬᠡ ᠮᠠᠯ ᠤᠨ ᠰᠦᠷᠦᠭᠵᠢᠯ ᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠠᠬᠢᠭᠤᠯᠵᠤ᠂ ᠪᠥᠬᠦ ᠬᠤᠰᠢᠭᠤᠨ ᠤ ᠰᠠᠭᠤᠷᠢ ᠡᠬᠡ | ᠮᠠᠯ ᠤᠨ ᠲᠤᠭ᠎ᠠ 31.1 ᠲᠦᠮᠡ ᠶᠢ ᠳᠠᠪᠠᠪᠠ᠃ ᠡᠭᠦᠯᠳᠡᠷ ᠤᠨ ᠬᠤᠴᠠ ᠶᠢᠨ ᠲᠠᠯᠠᠪᠠᠶ ᠶᠢᠨ ᠬᠠᠮᠢᠶᠠᠷᠤᠯᠲᠠ ᠶᠢᠨ | ᠡᠷᠴᠢᠮ ᠢ ᠴᠢᠩᠭᠠᠷᠠᠭᠤᠯᠵᠤ᠂ ᠠᠯᠠᠰᠢᠨ ᠬᠤᠨᠢ ᠶᠢ ᠡᠭᠦᠯᠳᠡᠷ ᠰᠠᠶᠢᠵᠢᠷᠠᠭᠤᠯᠤᠭᠰᠠᠨ ᠨᠣᠷᠮ᠎ᠠ 96% ᠳᠤ ᠬᠦᠷᠪᠡ᠃ | ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠠ ᠲᠣᠬᠢᠶᠠᠯ ᠢ ᠠᠮᠵᠢᠨ ᠠᠳᠬᠤᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ | ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ | 42 ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠤᠮᠳᠠ ᠵᠢᠵᠢᠭ ᠲᠠᠯᠠᠪᠠᠶ ᠶᠢᠨ ᠥᠭᠡᠷᠡᠴᠢᠯᠡᠯᠲᠡ ᠶᠢ ᠲᠡᠳᠬᠦᠨ | ᠳᠡᠮᠵᠢᠵᠦ᠂ ᠪᠥᠬᠦ ᠬᠤᠰᠢᠭᠤᠨ ᠤ ᠰᠦᠨ ᠤ ᠵᠢᠯ ᠤᠨ ᠭᠠᠷᠤᠯᠲᠠ 31.3 ᠲᠦᠮᠡᠨ ᠲᠣᠨ ᠳᠤ ᠬᠥᠷᠪᠡ᠃ 2023 | ᠣᠨ ᠳᠤ᠂ ᠪᠣᠳᠠ ᠪᠣᠭ ᠮᠠᠯ ᠤᠨ ᠵᠣᠭᠰᠤᠭ᠎ᠠ ᠲᠤᠭ᠎ᠠ 275 ᠲᠦᠮᠡ ᠳᠤ ᠬᠦᠷᠴᠦ᠂ ᠡᠭᠦᠨ ᠳᠤ᠂ ᠠᠯᠠᠰᠢᠨ ᠦᠬᠡᠷ | 57 ᠲᠦᠮᠡ᠂ ᠠᠯᠠᠰᠢᠨ ᠬᠤᠨᠢ 210 ᠲᠦᠮᠡ᠂ ᠰᠠᠭᠠᠯᠢ ᠶᠢᠨ ᠦᠨᠢᠶ᠎ᠡ 4.9 ᠲᠦᠮᠡ ᠳᠤ ᠬᠦᠷᠴᠡᠢ᠃ ᠰᠢᠮᠡᠯᠢᠭ | ᠡᠪᠡᠰᠦ ᠳᠠᠷᠢᠬᠤ ᠲᠠᠯᠠᠪᠠᠶ ᠶᠢ ᠲᠣᠭᠲᠠᠪᠤᠷᠢᠵᠢᠭᠤᠯᠵᠤ᠂ ᠵᠦᠩ ᠬᠤᠸᠠ ᠪᠦᠯᠦᠭᠯᠡᠯ ᠤᠨ MAP ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠵᠢᠱᠢᠶ᠎ᠡ ᠦᠵᠡᠭᠦᠯᠬᠦ | ᠬᠦᠷᠢᠶᠡᠯᠡᠩ ᠢ ᠠᠰᠢᠭᠯᠠᠯᠲᠠ ᠳᠤ ᠣᠷᠣᠭᠤᠯᠵᠤ᠂ ᠡᠪᠡᠰᠦᠨ ᠤ ᠠᠵᠤ ᠦᠢᠯᠡᠰ ᠢ ᠲᠠᠰᠤᠷᠠᠯᠲᠠ ᠦᠭᠡᠢ | ᠪᠠᠬᠢᠵᠢᠭᠦᠯᠪᠡ᠃ | ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠪᠠ᠃ 3 ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 6% | ᠨᠡᠮᠡᠭᠳᠡᠵᠡᠢ᠃ ᠹᠧᠢ ᠾᠧ ᠣᠶᠤᠨᠴᠢᠯᠠᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠣᠭᠲᠠᠭᠤᠨ ᠢᠶᠠᠷ | ᠠᠬᠢᠭᠤᠯᠵᠤ᠂ ᠬᠤᠩ ᠽᠧ ᠵᠢᠯ ᠳᠤ 1.5 ᠲᠦᠮᠡᠨ ᠬᠡᠷᠡᠭᠯᠡᠭᠡᠨ ᠠᠴᠠ ᠭᠠᠷᠭᠠᠭᠰᠠᠨ ᠮᠠᠰᠢᠨ ᠲᠡᠷᠭᠡ ᠶᠢ ᠵᠠᠳᠠᠯᠬᠤ | ᠦᠢᠯᠡᠳᠪᠦᠷᠢᠯᠡᠯ ᠤᠨ ᠱᠤᠭᠤᠮ ᠢ ᠠᠰᠢᠭᠯᠠᠯᠲᠠ ᠳᠤ ᠣᠷᠣᠭᠤᠯᠪᠠ᠃ ᠭᠦᠢᠵᠧᠦ ᠶᠢᠨ ᠵᠢᠨᠶᠤᠸᠠᠨ ᠤ 10 ᠲᠦᠮᠡᠨ | ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ | ᠭᠠᠷᠭᠠᠵᠤ᠂ ᠥᠪᠥᠷ ᠮᠣᠩᠭᠤᠯ ᠤᠨ ᠡᠨᠧᠷᠬᠢ ᠶᠢᠨ ᠬᠢᠵᠠᠭᠠᠷᠲᠤ ᠺᠣᠮᠫᠠᠨᠢ ᠶᠢᠨ ᠵᠠᠭᠤᠨ ᠲᠦᠮᠡᠨ ᠺᠢᠯᠣᠸᠠᠲ ᠤᠨ | ᠰᠠᠯᠬᠢᠨ ᠬᠦᠴᠦᠨ ᠤ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ | ᠪᠠᠶᠢᠭᠤᠯᠵᠤ᠂ ᠰᠢᠨ᠎ᠡ ᠡᠨᠧᠷᠭᠢ ᠶᠢᠨ ᠨᠡᠭᠡᠭᠡᠨ ᠠᠰᠢᠭᠯᠠᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠪᠡ᠃ | ᠬᠤᠩ ᠭᠠᠩ ᠠᠭᠤᠷᠬᠠᠢ ᠶᠢᠨ ᠦᠢᠯᠡᠰ᠂ ᠣᠯᠠᠨᠬᠤᠸᠠ ᠠᠭᠤᠷᠬᠠᠢ ᠶᠢᠨ ᠦᠢᠯᠡᠰ ᠤᠨ ᠮᠡᠷᠭᠡᠵᠢᠯ ᠢ ᠥᠭᠡᠷᠡᠴᠢᠯᠡᠨ | ᠲᠡᠰ ᠳᠡᠪᠰᠢᠭᠦᠯᠬᠦ ᠵᠡᠷᠭᠡ ᠲᠦᠷᠦᠯ ᠵᠦᠢᠯ ᠢ ᠡᠮᠬᠢ ᠳᠢᠭᠯᠢᠮ ᠲᠠᠢ ᠠᠬᠢᠭᠤᠯᠵᠤ᠂ ᠠᠭᠤᠷᠬᠠᠢ ᠶᠢᠨ ᠠᠵᠤ ᠠᠬᠤᠢ ᠶᠢ | ᠴᠢᠨᠠᠷ ᠰᠠᠶᠢᠲᠠᠢ ᠬᠥᠭᠵᠢᠭᠦᠯᠬᠦ ᠶᠡᠭᠡ ᠬᠤᠷᠠᠯ ᠤᠷᠤᠭᠰᠢᠲᠠᠢ ᠬᠤᠷᠠᠯᠳᠤᠪᠠ᠃ 6 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠳᠠᠯ | ᠦᠭᠡᠢ ᠠᠵᠢᠯ ᠳᠠᠭᠤᠰᠴᠤ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢᠨ ᠴᠢᠳᠠᠪᠤᠷᠢ ᠦᠷᠭᠦᠯᠵᠢᠯᠡᠨ | ᠳᠡᠭᠡᠭᠰᠢᠯᠡᠪᠡ᠃ | ᠭᠤᠷᠪᠠᠳᠤᠭᠠᠷ ᠠᠵᠤ ᠦᠢᠯᠡᠰ ᠶᠡᠷᠦᠩᠬᠡᠢ ᠳᠡᠭᠡᠨ ᠲᠣᠭᠲᠠᠭᠤᠨ ᠪᠣᠢ᠃ ︽ᠠᠷᠤ ᠬᠤᠷᠴᠢᠨ ᠬᠤᠰᠢᠭᠤᠨ ᠤ | ᠨᠡᠭᠦᠳᠡᠯ ᠰᠣᠶᠣᠯ ᠤᠨ ᠨᠠᠶᠢᠷ︾ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠬᠠᠭᠤᠯᠤᠨ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠵᠤ᠂ ︽ᠪᠥᠬᠦ ᠳᠡᠯᠡᠬᠡᠢ ᠶᠢᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ | ᠥᠪ ᠤᠨ ᠣᠷᠣᠨ︾ ᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠭᠠᠵᠠᠷ ᠣᠷᠣᠨ ᠤ | ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠡᠪᠡᠰᠦᠨ ᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠵᠦ᠂ ᠨᠡᠶᠢᠲᠡ 84.8 ᠲᠦᠮᠡᠨ | ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 8 ᠳ᠋ᠦᠩᠰᠢᠭᠤᠷ | ᠲᠥᠭᠦᠷᠢᠭ ᠢ ᠳᠠᠪᠠᠪᠠ᠃ ᠪᠡᠭᠡᠵᠢᠩ ᠳᠤ ︽ᠤᠯᠠᠭᠠᠨᠬᠠᠳᠠ ᠶᠢᠨ ᠣᠬᠢ ᠰᠢᠮ᠎ᠡ · ᠴᠠᠩ ᠫᠢᠩ ᠳᠠᠬᠢ ᠠᠭᠤᠯᠵᠠᠯᠲᠠ︾ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠷᠤ ᠬᠤᠷᠴᠢᠨ ᠬᠤᠰᠢᠭᠤᠨ ᠤ ᠠᠷᠢᠭᠤᠨ ᠳᠠᠭᠰᠢᠨ ᠴᠢᠨᠠᠷ | ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠠᠨᠢᠯᠴᠠᠭᠤᠯᠬᠤ ᠲᠤᠰᠬᠠᠢ ᠬᠤᠷᠠᠯ | ᠡᠷᠭᠢᠯᠡᠵᠦ᠂ ᠮᠠᠨ ᠤ ᠬᠤᠰᠢᠭᠤᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠭᠠᠳᠠᠭᠰᠢ ᠲᠠᠨᠢᠯᠴᠠᠭᠤᠯᠪᠠ᠃ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠪᠠᠬᠢᠵᠢᠭᠦᠯᠵᠦ᠂ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ᠂ ᠰᠦᠯᠵᠢᠶᠡᠨ ᠴᠤᠤᠲᠠᠨ ᠤ | ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠵᠠᠭᠪᠤᠷ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ | ᠰᠦᠯᠵᠢᠶᠡᠨ ᠳᠡᠭᠡᠷ᠎ᠡ ᠬᠤᠳᠠᠯᠳᠤᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ | 2540 ᠲᠦᠮᠡᠨ ᠲᠥᠭᠦᠷᠢᠭ ᠲᠤ ᠬᠥᠷᠪᠡ᠃ | ︵ᠬᠤᠶᠠᠷ︶ ᠵᠠᠰᠠᠬᠤ ᠶᠢ ᠠᠳᠬᠤᠨ᠂ ᠠᠮᠢ ᠠᠬᠤᠢ ᠶᠢ ᠰᠢᠯᠢᠳᠡᠭᠵᠢᠭᠦᠯᠵᠦ᠂ ᠬᠤᠳᠠ ᠬᠥᠳᠡᠭᠡ ᠶᠢᠨ ᠣᠷᠴᠢᠨ | ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠴᠡᠭᠴᠡᠲᠡᠢ ᠠᠬᠢᠭᠤᠯᠪᠠ᠃ | ︽ᠭᠤᠷᠪᠠ ᠶᠢ ᠪᠠᠲᠤᠯᠠᠬᠤ︾ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠪᠠᠶᠢᠩᠭᠤ ᠶᠢᠨ ᠬᠢᠨᠠᠨ ᠬᠡᠮᠵᠢᠯᠲᠡ ᠶᠢ ᠦᠷᠭᠦᠯᠵᠢᠯᠡᠭᠦᠯᠵᠦ᠂ ᠬᠡᠪᠴᠢᠶᠡᠵᠢᠭᠰᠡᠨ ᠴᠢᠨᠠᠷᠲᠠᠢ ᠳᠠᠬᠢᠨ | ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠪᠠ᠃ ᠠᠵᠤ ᠦᠢᠯᠡᠰ ᠤᠨ ᠣᠷᠣᠯᠭ᠎ᠠ ᠶᠢᠨ ᠨᠡᠮᠡᠭᠳᠡᠯ ᠤᠨ | ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠪᠡᠯᠡ | ᠣᠷᠣᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠣᠯᠭᠠᠭᠤᠯᠬᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ᠂ ᠵᠦᠩ ᠬᠤᠸᠠ ᠪᠦᠯᠦᠭᠯᠡᠯ ᠤᠨ ᠬᠠᠪᠰᠤᠷᠤᠨ ᠲᠡᠳᠬᠦᠬᠦ ᠵᠡᠷᠭᠡ 3.4 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠣᠷᠣᠭᠤᠯᠵᠤ᠂ 108 ᠲᠥᠷᠥᠯ ᠵᠦᠢᠯ ᠢ ᠬᠡᠷᠡᠭᠵᠢᠭᠦᠯᠪᠡ᠃ ᠮᠠᠯᠵᠢᠬᠤ ᠲᠠᠷᠢᠶᠠᠯᠠᠬᠤ | ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ | ᠵᠢᠯ ᠤᠨ ᠠᠵᠢᠯᠯᠠᠭ᠎ᠠ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ | ᠬᠤᠷᠢᠶᠠᠨ ᠴᠤᠭᠯᠠᠭᠤᠯᠬᠤ᠂ ᠰᠢᠯᠵᠢᠭᠦᠯᠦᠨ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮ ᠤᠨ ᠬᠠᠮᠤᠷᠤᠭᠰᠠᠨ ᠨᠣᠷᠮ᠎ᠠ ᠶᠢ 68% ᠳᠤ ᠬᠦᠷᠦᠭᠦᠯᠵᠦ᠂ 2100 ᠵᠣᠷᠯᠣᠩ ᠢ ᠥᠭᠡᠷᠡᠴᠢᠯᠡᠨ | ᠪᠠᠶᠢᠭᠤᠯᠪᠠ᠃ | ᠬᠤᠳᠠ ᠶᠢᠨ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠪᠡ᠃ ᠪᠥᠬᠦ ᠬᠤᠰᠢᠭᠤᠨ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠲᠣᠭᠲᠠᠭᠤᠨ ᠢᠶᠠᠷ ᠠᠬᠢᠭᠤᠯᠵᠤ᠂ ᠬᠤᠲᠠ ᠶᠢᠨ ᠰᠢᠨᠡᠴᠢᠯᠡᠯᠲᠡ ᠶᠢ ᠶᠡᠭᠡ ᠪᠠᠷ ᠬᠡᠷᠡᠭᠵᠢᠭᠦᠯᠦᠨ᠂ ᠬᠠᠨ ᠯᠢᠨ ᠵᠡᠭᠡᠯᠢ᠂ | ᠵᠢᠢ ᠲᠦᠩ ᠵᠠᠮ᠂ ᠰᠢᠤᠸᠠᠢ ᠶᠤᠸᠠᠨ ᠵᠠᠮ ᠤᠨ ᠬᠤᠶᠢᠲᠤ ᠬᠡᠰᠡᠭ ᠵᠡᠷᠭᠡ ᠬᠤᠲᠠ ᠶᠢᠨ ᠶᠠᠪᠤᠳᠠᠯ ᠤᠨ | ᠬᠠᠲᠠᠭᠤᠷᠠᠭᠤᠯᠤᠨ ᠨᠣᠭᠤᠭᠠᠷᠠᠭᠤᠯᠬᠤ ᠢᠨᠵᠧᠨᠧᠷᠢᠩ ᠢ 13.5 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ | ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ 24 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠰᠠᠭᠤᠭᠠᠯᠢ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠪᠠ᠃ ᠪᠦᠬᠦ ᠤᠯᠤᠰ ᠤᠨ ᠪᠣᠯᠪᠠᠰᠤᠨ ᠬᠤᠳᠠ ᠶᠢ | ᠢᠳᠡᠪᠬᠢᠲᠡᠢ ᠪᠠᠷ ᠴᠣᠭᠴᠠᠯᠠᠨ ᠪᠠᠶᠢᠭᠤᠯᠵᠤ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ | ᠴᠢᠩᠭᠠᠳᠬᠠᠵᠤ᠂ ᠬᠤᠳᠠ ᠶᠢᠨ ᠳᠦᠷᠰᠦ ᠪᠠᠶᠢᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠪᠡ᠃ | ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠰᠢᠨ ᠺᠠᠢ ᠾᠧ ᠭᠤᠣᠯ᠂ ᠬᠤᠨᠲᠤ | ᠭᠤᠣᠯ ᠤᠨ ᠬᠤᠨᠲᠤ ᠪᠠᠯᠭᠠᠰᠤ ᠳᠠᠬᠢ ᠬᠡᠰᠡᠭ ᠤᠨ ᠭᠤᠣᠯ ᠤᠨ ᠭᠤᠯᠳᠣᠷᠢᠯ ᠢ ᠵᠠᠰᠠᠬᠤ ᠠᠵᠢᠯ ᠢ ᠨᠢᠭᠡᠨᠲᠡ | ᠳᠠᠭᠤᠰᠬᠠᠵᠤ᠂ ᠳᠠᠯᠠᠷ ᠤᠨ ᠭᠤᠣᠯ ᠤᠨ ᠡᠮᠦᠨ᠎ᠡ ᠨᠠᠵᠠᠢ ᠠᠴᠠ ᠬᠤᠶᠢᠲᠤ ᠨᠠᠵᠠᠢ ᠬᠦᠷᠲᠡᠯᠡᠬᠢ ᠬᠡᠰᠡᠭ ᠤᠨ ᠭᠤᠣᠯ ᠤᠨ | ᠭᠤᠯᠳᠤᠷᠢᠯ ᠢ ᠵᠠᠰᠠᠬᠤ ᠢᠨᠵᠧᠨᠧᠷᠢᠩ ᠢ ᠡᠮᠬᠢ ᠵᠢᠷᠤᠮ ᠲᠠᠢ ᠬᠡᠷᠡᠭᠵᠢᠭᠦᠯᠪᠡ᠃ ᠮᠤᠵᠢ ᠬᠤᠯᠪᠣᠭᠰᠠᠨ ᠵᠠᠮ ᠢ ᠳᠡᠭᠡᠳᠦ | ᠬᠤᠷᠳᠤ ᠶᠢᠨ ᠵᠠᠰᠠᠮᠠᠯ ᠵᠠᠮ ᠪᠣᠯᠭᠠᠨ ᠥᠭᠡᠷᠡᠴᠢᠯᠡᠵᠦ ᠪᠥᠬᠦ ᠱᠤᠭᠤᠮ ᠢᠶᠠᠷ ᠲᠡᠷᠭᠡ ᠨᠡᠪᠲᠡᠷᠡᠭᠦᠯᠦᠨ ᠠᠵᠢᠯᠯᠠᠭᠤᠯᠵᠤ᠂ | ᠴᠢᠪᠠᠭ᠎ᠠ ᠶᠢᠨ ᠪᠠᠷᠠᠭᠤᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠠᠷᠢᠯᠭ᠎ᠠ ᠳᠠᠭᠤᠰᠬᠠᠨ | ᠲᠡᠷᠭᠡ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ 252.3 ᠺᠢᠯᠣᠮᠧᠲᠷ ᠵᠠᠮ᠂ 8 ᠨᠤᠷᠠᠬᠤ ᠠᠶᠤᠯᠲᠠᠢ | ᠬᠥᠭᠦᠷᠭᠡ ᠶᠢ ᠰᠢᠨ᠎ᠡ ᠪᠠᠷ ᠪᠠᠶᠢᠭᠤᠯᠵᠤ ᠥᠭᠡᠷᠡᠴᠢᠯᠡᠨ᠂ S28 ᠪᠣᠷᠣᠬᠤᠲᠠ ᠠᠴᠠ ᠴᠢᠪᠠᠭ᠎ᠠ ᠬᠦᠷᠬᠦ ᠳᠡᠭᠡᠳᠦ | ᠬᠤᠷᠳᠤ ᠶᠢᠨ ᠵᠠᠰᠠᠮᠠᠯ ᠵᠠᠮ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ 175.3 ᠺᠢᠯᠣᠮᠧᠲᠷ ᠤᠨ 10 | ᠺᠢᠯᠣᠸᠠᠲ ᠵᠢᠴᠢ ᠲᠡᠭᠦᠨ ᠠᠴᠠ ᠳᠣᠷᠣᠭᠰᠢᠬᠢ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠵᠦ᠂ ᠶᠢᠨ | ᠶᠤᠸᠠᠨ ᠤ 100 ᠰᠠᠶ᠎ᠠ ᠸᠠᠲ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ 220 | ᠺᠢᠯᠦᠸᠤᠯᠲ ᠤᠨ ᠪᠠᠷᠢᠯᠭ᠎ᠠ ᠶᠢ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ | ᠠᠮᠢ ᠠᠬᠤᠢ ᠶᠢᠨ ᠬᠠᠯᠬᠠᠪᠴᠢ ᠶᠢ ᠲᠠᠰᠤᠷᠠᠯᠲᠠ ᠦᠭᠡᠢ ᠪᠠᠬᠢᠵᠢᠭᠦᠯᠪᠡ᠃ ᠣᠶ ᠰᠢᠭᠤᠢ ᠡᠪᠡᠰᠦ | ᠪᠡᠯᠴᠢᠭᠡᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ᠂ ᠮᠠᠭᠤᠳᠠᠭᠰᠠᠨ | ᠣᠶ ᠶᠢᠨ ᠬᠡᠰᠡᠭᠯᠡᠯ ᠢ ᠥᠭᠡᠷᠡᠴᠢᠯᠡᠬᠦ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠲᠥᠷᠥᠯ ᠵᠦᠢᠯ ᠢ | ᠬᠡᠷᠡᠭᠵᠢᠭᠦᠯᠦᠨ᠂ 4.9 ᠲᠦᠮᠡᠨ ᠮᠦ ᠮᠣᠳᠣ ᠳᠠᠷᠢᠵᠤ ᠣᠶᠢᠵᠢᠭᠤᠯᠬᠤ᠂ 7.4 ᠲᠦᠮᠡᠨ ᠮᠦ ᠨᠤᠲᠤᠭ ᠪᠡᠯᠴᠢᠭᠡᠷ ᠢ | ᠵᠠᠰᠠᠨ ᠰᠡᠷᠭᠦᠭᠡᠬᠦ ᠶᠢ ᠪᠡᠶᠡᠯᠡᠭᠦᠯᠵᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ | ᠤᠷᠭᠤᠮᠠᠯ ᠬᠤᠴᠢᠯᠭ᠎ᠠ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠭᠠᠷ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠭᠠᠷ ᠤᠨ ᠴᠢᠨᠠᠷ | ᠴᠢᠨᠰᠠᠭ᠎ᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ 95.2% ᠪᠣᠯᠪᠠ᠃ ᠭᠤᠣᠯ ᠮᠥᠷᠡᠨ | ᠨᠠᠭᠤᠷ ᠴᠥᠭᠦᠷᠥᠮ ᠤᠨ ︽ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ︾ ᠶᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠵᠢᠷᠤᠮᠵᠢᠭᠤᠯᠬᠤ ᠶᠢ | ᠠᠬᠢᠭᠤᠯᠵᠤ᠂ ᠪᠣᠬᠢᠷ ᠦᠮᠡᠬᠡᠢ ᠤᠰᠤᠨ ᠴᠣᠭᠴᠠ ᠶᠢᠨ ᠪᠠᠶᠢᠴᠠᠭᠠᠯᠲᠠ᠂ ᠲᠣᠣᠷ ᠲᠤ ᠣᠷᠣᠭᠤᠯᠬᠤ ᠪᠣᠬᠢᠷᠲᠤᠯ | ᠭᠠᠳᠠᠭᠰᠢᠯᠠᠭᠤᠯᠬᠤ ᠠᠮᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠷᠤ ᠬᠤᠷᠴᠢᠨ ᠬᠤᠰᠢᠭᠤᠨ ᠤ ᠤᠯᠤᠰ ᠤᠨ | ᠭᠠᠵᠠᠷ ᠳᠡᠭᠡᠷᠡᠬᠢ ᠤᠰᠤᠨ ᠤ ᠬᠢᠨᠠᠨ ᠰᠢᠯᠭᠠᠯᠲᠠ ᠶᠢᠨ ᠣᠭᠲᠣᠯᠣᠭᠠᠰᠤ ᠶᠢᠨ ᠰᠢᠯᠢᠳᠡᠭ ᠤᠰᠤᠨ ᠴᠣᠭᠴᠠ ᠶᠢᠨ | ᠬᠠᠷᠢᠴᠠᠯ 100% ᠳᠤ ᠬᠦᠷᠪᠡ᠃ ᠪᠣᠷᠳᠣᠭᠤᠷ ᠢ ᠬᠢᠵᠠᠭᠠᠷᠯᠠᠬᠤ᠂ ᠪᠦᠷᠬᠦᠪᠴᠢ ᠶᠢ ᠬᠢᠵᠠᠭᠠᠷᠯᠠᠬᠤ᠂ ᠤᠰᠤ ᠶᠢ | ᠬᠢᠵᠠᠭᠠᠷᠯᠠᠬᠤ᠂ ᠡᠮ ᠬᠡᠷᠡᠭᠯᠡᠬᠦ ᠶᠢ ᠬᠢᠵᠠᠭᠠᠷᠯᠠᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠲᠠᠷᠢᠶᠠᠨ ᠡᠮ ᠬᠢᠮᠢ ᠶᠢᠨ ᠪᠣᠷᠳᠣᠭᠤᠷ ᠢ ᠬᠡᠷᠡᠭᠯᠡᠬᠦ ᠬᠡᠮᠵᠢᠶ᠎ᠡ ᠦᠷᠭᠦᠯᠵᠢᠯᠡᠨ ᠰᠥᠭᠡᠷᠭᠦ ᠨᠡᠮᠡᠭᠳᠡᠯ ᠲᠠᠢ | ᠪᠣᠯᠪᠠ᠃ | ︵ᠭᠤᠷᠪᠠ︶ ᠣᠷᠴᠢᠨ ᠠᠬᠤᠢ ᠶᠢ ᠰᠢᠯᠢᠳᠡᠭᠵᠢᠭᠦᠯᠦᠨ᠂ ᠨᠡᠭᠡᠭᠡᠯᠲᠡ ᠶᠢ ᠠᠬᠢᠭᠤᠯᠵᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠪᠡ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠵᠦᠢᠯᠡᠰ ᠤᠨ ︽ᠭᠤᠭᠴᠤᠭ᠎ᠠ ᠶᠢ ᠪᠠᠭᠠᠰᠬᠠᠬᠤ᠂ ᠴᠠᠭ ᠢ ᠪᠣᠭᠤᠨᠢᠰᠬᠠᠬᠤ᠂ ᠮᠠᠲ᠋ᠧᠷᠢᠶᠠᠯ ᠢ | ᠪᠠᠭᠠᠰᠬᠠᠬᠤ᠂ ᠢᠷᠡᠵᠦ ᠶᠠᠪᠤᠬᠤ ᠶᠢ ᠴᠥᠭᠡᠳᠬᠡᠬᠦ ︾ ᠳᠡᠭᠡᠷ᠎ᠡ ᠬᠦᠴᠦ ᠲᠠᠯᠪᠢᠵᠤ᠂ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠶᠢ ᠦᠷᠭᠦᠯᠵᠢᠯᠡᠨ ᠰᠢᠯᠢᠳᠡᠭᠵᠢᠭᠦᠯᠵᠦ᠂ ᠭᠤᠣᠯ ᠰᠡᠳᠦᠪᠲᠦ ᠦᠢᠯᠡᠴᠢᠯᠡᠭᠡᠨ ᠤ | ᠵᠦᠢᠯᠡᠰ ᠤᠨ ᠭᠤᠶᠤᠴᠢᠯᠠᠬᠤ ᠮᠠᠲ᠋ᠧᠷᠢᠶᠠᠯ ᠢ 42.86% ᠪᠣᠯᠭᠠᠨ ᠪᠠᠭᠠᠰᠬᠠᠵᠤ᠂ ᠠᠮᠠᠯᠳᠠᠬᠤ ᠴᠠᠭ ᠤᠨ ᠬᠢᠵᠠᠭᠠᠷ ᠢ | 76.19% ᠪᠣᠯᠭᠠᠨ ᠪᠣᠭᠤᠨᠢᠰᠬᠠᠵᠤ᠂ ᠢᠷᠡᠵᠦ ᠶᠠᠪᠤᠬᠤ ᠤᠳᠠᠭ᠎ᠠ ᠶᠢ 78.71% ᠪᠣᠯᠭᠠᠨ ᠴᠥᠬᠡᠳᠬᠡᠪᠡ︔ | ᠣᠷᠣᠨ ᠪᠦᠰᠡ ᠠᠯᠤᠰᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠡᠶᠢᠳᠡᠮ ᠰᠢᠢᠳᠪᠦᠷᠢᠯᠡᠬᠦ ᠰᠢᠰᠲ᠋ᠧᠮ ᠢ | ᠭᠦᠨᠵᠡᠭᠡᠶᠢᠷᠡᠭᠦᠯᠵᠦ᠂ ᠬᠤᠲᠠ ᠶᠢᠨ ᠬᠡᠪᠴᠢᠶᠡᠨ ᠳᠤ ᠨᠡᠶᠢᠳᠡᠮ ᠰᠢᠢᠳᠪᠦᠷᠢᠯᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ 1809 ᠣᠷᠣᠯᠠᠨ ᠭᠦᠢᠴᠡᠳᠬᠡᠵᠦ᠂ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠲᠠᠯᠳᠠ ᠬᠤᠷᠢᠭ᠎ᠠ ᠶᠢ ᠪᠦᠬᠦ ᠲᠠᠯ᠎ᠠ ᠪᠠᠷ ᠴᠡᠪᠡᠷᠯᠡᠵᠦ᠂ ᠭᠤᠣᠯᠴᠢ ᠪᠠᠷ ᠥᠷᠢᠰᠦᠯᠳᠦᠬᠦ ᠣᠷᠴᠢᠨ | ᠨᠥᠬᠦᠴᠡᠯ ᠢ ᠪᠤᠢ ᠪᠣᠯᠭᠠᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠨ ᠬᠡᠷᠡᠭᠵᠢᠭᠦᠯᠵᠦ᠂ 2 ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠺᠣᠮᠫᠠᠨᠢ ᠶᠢᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 5.5% | ᠨᠡᠮᠡᠭᠳᠡᠪᠡ᠃ | ᠭᠤᠣᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠪᠠ᠃ ᠭᠤᠣᠯᠳᠠᠯᠭ᠎ᠠ ᠲᠠᠢ ᠲᠥᠷᠥᠯ ᠵᠦᠢᠯ ᠢ | ᠳᠠᠭᠠᠭᠠᠨ ᠬᠤᠯᠪᠣᠭᠠᠯᠠᠭᠤᠯᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ | ᠲᠥᠷᠥᠯ ᠵᠦᠢᠯ ᠢ ᠰᠢᠮᠳᠠᠭᠤᠯᠤᠨ ᠭᠦᠢᠴᠡᠳᠬᠡᠬᠦ ᠪᠠ ᠠᠩᠬᠠᠷᠴᠤ ᠭᠦᠢᠴᠡᠳᠬᠡᠬᠦ ᠲᠤᠰᠬᠠᠢ ᠠᠩᠭᠢ ᠶᠢ ᠵᠣᠬᠢᠶᠠᠨ | ᠪᠠᠶᠢᠭᠤᠯᠵᠤ᠂ ᠲᠥᠷᠥᠯ ᠵᠦᠢᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠠᠷᠪᠠᠨ ᠡᠳᠦᠷ ᠲᠤ ᠲᠣᠬᠢᠷᠠᠭᠤᠯᠤᠨ᠂ | ᠰᠠᠷ᠎ᠠ ᠪᠠᠷ ᠵᠠᠷᠯᠠᠨ ᠨᠡᠶᠢᠲᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ | ᠠᠬᠢᠴᠠ ᠶᠢ ᠠᠳᠬᠤᠨ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠦᠢᠯᠡᠴᠢᠯᠡᠭᠡᠨ ᠤ | ᠪᠠᠲᠤᠯᠠᠭ᠎ᠠ ᠶᠢ ᠴᠢᠩᠭᠠᠷᠠᠭᠤᠯᠤᠨ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠲᠣᠰ ᠵᠢᠯ ᠳᠤ 59 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠪᠡ᠃ | ᠬᠤᠳᠠᠯᠳᠤᠭᠠᠴᠢᠨ ᠤᠷᠢᠵᠤ ᠪᠡᠯᠡ ᠲᠠᠲᠠᠬᠤ ᠡᠷᠴᠢᠮ ᠢ ᠴᠢᠩᠭᠠᠷᠠᠭᠤᠯᠪᠠ᠃ ᠬᠤᠳᠠᠯᠳᠤᠭᠠᠴᠢᠨ ᠤᠷᠢᠵᠤ ᠪᠡᠯᠡ | ᠲᠠᠲᠠᠬᠤ ᠴᠢᠭᠯᠡᠯ ᠢ ᠲᠣᠳᠣᠷᠬᠠᠶᠢᠯᠠᠵᠤ᠂ ᠮᠠᠨ ᠤ ᠬᠤᠰᠢᠭᠤᠨ ᠤ ᠳᠠᠪᠠᠭᠤᠯᠢᠭ ᠡᠬᠢ ᠪᠠᠶᠠᠯᠢᠭ ᠲᠤ ᠠᠩᠬᠠᠷᠤᠯ ᠢᠶᠠᠨ | ᠲᠥᠪᠯᠡᠷᠡᠭᠦᠯᠦᠨ᠂ ᠬᠤᠳᠠᠯᠳᠤᠭᠠᠴᠢᠨ ᠤᠷᠢᠵᠤ ᠪᠡᠯᠡ ᠲᠠᠲᠠᠬᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠳᠠᠷᠤᠭ᠎ᠠ ᠶᠢᠨ ᠳᠦᠷᠢᠮ ᠵᠢᠴᠢ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠤᠰᠬᠠᠢ ᠠᠩᠭᠢ ᠶᠢᠨ ᠳᠦᠷᠢᠮ ᠢ | ᠬᠡᠷᠡᠭᠵᠢᠭᠦᠯᠵᠦ᠂ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠪᠥᠬᠦ ᠵᠢᠯ ᠳᠤ 45 ᠲᠥᠷᠥᠯ ᠵᠦᠢᠯ ᠢ ᠰᠢᠨ᠎ᠡ ᠪᠠᠷ ᠭᠠᠷ ᠤᠨ ᠥᠰᠥᠭ ᠵᠢᠷᠤᠨ | ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ 155 ᠳ᠋ᠦᠩᠰᠢᠭᠤᠷ ᠲᠥᠭᠦᠷᠢᠭ ᠲᠤ ᠬᠥᠷᠪᠡ᠃ | ︵ᠳᠥᠷᠪᠡ︶ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠠᠵᠠ ᠵᠢᠷᠭᠠᠯ ᠢ ᠨᠡᠮᠡᠭᠳᠡᠭᠦᠯᠵᠦ᠂ | ᠨᠡᠶᠢᠭᠡᠮ ᠤᠨ ᠦᠢᠯᠡᠰ ᠢ ᠲᠡᠩᠴᠡᠭᠦᠷᠢᠲᠡᠢ ᠬᠥᠭᠵᠢᠭᠦᠯᠪᠡ | ᠠᠷᠠᠳ ᠤᠨ ᠠᠮᠢᠳᠤᠷᠠᠯ ᠤᠨ ᠦᠢᠯᠡᠰ ᠦᠷᠭᠦᠯᠵᠢᠯᠡᠨ ᠬᠥᠭᠵᠢᠪᠡ᠃ ᠠᠵᠢᠯ ᠣᠯᠭᠤᠯᠲᠠ ᠶᠢ ᠲᠡᠷᠢᠭᠦᠨ ᠳᠤ | ᠲᠠᠯᠪᠢᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ 2023 ᠣᠨ ᠳᠤ ᠬᠤᠲᠠ ᠪᠠᠯᠭᠠᠰᠤ ᠶᠢᠨ | 1010 ᠬᠥᠮᠥᠨ ᠳᠤ ᠰᠢᠨ᠎ᠡ ᠪᠠᠷ ᠠᠵᠢᠯ ᠣᠯᠭᠤᠵᠤ᠂ 4.95 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠵᠦ | ᠠᠵᠢᠯ ᠣᠯᠭᠤᠪᠠ᠃ ᠴᠠᠯᠢᠩ ᠣᠯᠭᠤᠬᠤ ᠶᠢ ᠪᠠᠲᠤᠯᠠᠬᠤ ᠡᠯ᠎ᠡ ᠵᠦᠢᠯ ᠤᠨ ᠳᠦᠷᠢᠮ ᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠪᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠬᠠᠩᠭᠠᠯᠭ᠎ᠠ ᠶᠢ ᠥᠷᠭᠡᠳᠬᠡᠵᠦ᠂ ᠴᠢᠪᠠᠭ᠎ᠠ ᠳᠦᠷᠪᠡᠳᠦᠭᠡᠷ ᠪᠠᠭ᠎ᠠ ᠰᠤᠷᠭᠠᠭᠤᠯᠢ ᠶᠢ ᠠᠰᠢᠭᠯᠠᠯᠲᠠ ᠳᠤ ᠣᠷᠣᠭᠤᠯᠵᠤ᠂ | ᠴᠢᠪᠠᠭ᠎ᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠴᠢᠪᠠᠭ᠎ᠠ ᠭᠤᠷᠪᠠᠳᠤᠭᠠᠷ ᠪᠠᠭ᠎ᠠ | ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠢᠪᠠᠭ᠎ᠠ ᠶᠢᠰᠦᠨ | ᠵᠢᠯ ᠤᠨ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ | ᠯᠠᠪᠳᠠᠭᠤᠨ ᠢᠶᠠᠷ ᠬᠡᠷᠡᠭᠵᠢᠭᠦᠯᠵᠦ᠂ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠠᠵᠢᠯ ᠤᠨ ᠡᠭᠦᠷᠭᠡ ᠶᠢ | ᠴᠢᠩᠭ᠎ᠠ ᠨᠠᠶᠢᠳᠠᠪᠤᠷᠢᠵᠢᠭᠤᠯᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ | ᠪᠦᠲᠦᠮᠵᠢᠲᠡᠶ ᠳᠡᠭᠡᠭᠰᠢᠯᠡᠭᠦᠯᠵᠦ᠂ 4 ᠡᠮᠴᠢᠯᠡᠭᠡᠨ ᠤ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠵᠤ᠂ ᠬᠢᠲᠠᠳ ︵ | ᠮᠣᠩᠭᠤᠯ︶ ᠡᠮ ᠡᠮᠨᠡᠯᠭᠡ ᠶᠢᠨ ᠦᠢᠯᠡᠰ ᠢ ᠦᠷᠭᠦᠯᠵᠢᠯᠡᠨ ᠬᠥᠭᠵᠢᠭᠦᠯᠵᠦ᠂ 24 ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠳᠤ ᠴᠥᠮ ᠬᠢᠲᠠᠳ ︵ᠮᠣᠩᠭᠤᠯ︶ ᠡᠮᠴᠢᠯᠡᠭᠡᠨ ᠤ ᠭᠠᠵᠠᠷ ᠢ ᠪᠠᠶᠢᠭᠤᠯᠪᠠ᠃ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠮᠦᠽᠧᠢ ᠶᠢᠨ ᠭᠠᠳᠠᠭᠠᠳᠤ ᠨᠡᠭᠡᠭᠡᠯᠲᠡ᠂ ᠤᠯᠠᠭᠠᠨᠮᠥ᠋ᠴᠢᠷ ᠤᠨ ᠲᠢᠶᠠᠲᠷ ᠵᠢᠴᠢ ᠲᠤᠬᠠᠶᠢᠯᠠᠭᠰᠠᠨ ᠠᠵᠢᠯ ᠳᠤ ᠬᠡᠷᠡᠭᠯᠡᠬᠦ | ᠭᠡᠷ ᠪᠠᠶᠢᠰᠢᠩ ᠢ ᠪᠠᠷᠢᠵᠤ ᠳᠠᠭᠤᠰᠬᠠᠪᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ | ᠭᠦᠨᠵᠡᠭᠡᠢ ᠬᠡᠷᠡᠭᠵᠢᠭᠦᠯᠵᠦ᠂ ᠪᠥᠬᠦ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠲᠣᠰ ᠲᠣᠰ 19.8 ᠲᠦᠮᠡ᠂ | 23.6 ᠲᠦᠮᠡ ᠳᠤ ᠬᠥᠷᠪᠡ᠃ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠨᠢᠭᠡᠳᠦᠯᠲᠡᠢ ᠲᠥᠯᠥᠪᠯᠡᠨ | ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ | ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠵᠡᠷᠭᠡ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ ᠨᠡᠶᠢᠳᠡ | 1.46 ᠳ᠋ᠦᠩᠰᠢᠭᠤᠷ ᠲᠥᠭᠦᠷᠢᠭ ᠲᠠᠷᠬᠠᠭᠠᠪᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ | ᠪᠠᠲᠤᠯᠠᠵᠤ᠂ ᠨᠠᠰᠤᠵᠢᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠵᠤ᠂ 7 ᠰᠢᠶᠠᠩ ᠪᠠᠯᠭᠠᠰᠤᠨ ᠤ ᠨᠠᠰᠤᠵᠢᠯ ᠤᠨ | ᠦᠢᠯᠡᠴᠢᠯᠡᠭᠡᠨ ᠤ ᠲᠥᠪ᠂ 44 ᠲᠣᠰᠬᠤᠨ ᠤ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠦᠷᠳᠡᠭᠡ᠂ 2 | ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠢ ᠥᠭᠡᠷᠡᠴᠢᠯᠡᠨ ᠪᠠᠶᠢᠭᠤᠯᠪᠠ᠃ | ᠨᠡᠶᠢᠭᠡᠮ ᠤᠨ ᠶᠡᠭᠡ ᠲᠠᠯ᠎ᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠨ᠎ᠠ᠃ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ | ᠭᠦᠨᠵᠡᠭᠡᠶᠢᠷᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠤᠯᠠᠮ | ᠨᠢᠭᠡ ᠠᠯᠬᠤᠮ ᠪᠠᠬᠢᠵᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠪᠠ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠭᠠᠮᠰᠢᠭ ᠢ | ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠢᠳᠡᠭᠡᠨ | ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠲᠡᠮᠡᠴᠡᠯ ᠢ ᠭᠦᠨᠵᠡᠭᠡᠢ ᠠᠬᠢᠭᠤᠯᠵᠤ᠂ ᠨᠡᠶᠢᠭᠡᠮ ᠤᠨ | ᠵᠠᠰᠠᠯᠲᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠢᠭᠡ ᠪᠦᠯᠦᠭ ᠵᠠᠬᠢᠳᠠᠯ ᠰᠤᠷᠪᠤᠯᠵᠢᠯᠠᠯ ᠤᠨ | ᠳᠠᠷᠤᠭᠳᠠᠮᠠᠯ ᠬᠡᠷᠡᠭ ᠢ ᠪᠦᠲᠦᠮᠵᠢᠲᠡᠢ ᠰᠢᠢᠳᠪᠦᠷᠢᠯᠡᠪᠡ᠃ | ᠶᠡᠷᠦᠩᠬᠡᠢ ᠳᠤᠨᠢ ᠠᠪᠴᠤ ᠦᠵᠡᠪᠡᠯ᠂ 2023 ᠣᠨ ᠳᠤ ᠮᠠᠨ ᠤ ᠬᠤᠰᠢᠭᠤᠨ ᠤ ᠠᠵᠤ ᠠᠬᠤᠢ ᠶᠢᠨ | ᠠᠵᠢᠯᠯᠠᠭᠠᠨ ᠲᠣᠭᠲᠠᠭᠤᠨ ᠪᠠᠶᠢᠨ᠎ᠠ᠃ ᠭᠡᠪᠡᠴᠦ ᠮᠥᠨ ᠯᠡ ᠣᠮᠲᠣᠭᠠᠶᠢᠯᠠᠵᠤ ᠪᠣᠯᠣᠰᠢ ᠦᠭᠡᠢ ᠠᠰᠠᠭᠤᠳᠠᠯ ᠤᠳ | ᠣᠷᠣᠰᠢᠵᠤ ᠪᠣᠢ᠂ ᠡᠭᠦᠨ ᠳᠤ ᠭᠤᠣᠯᠳᠠᠭᠤ᠄ ᠰᠢᠶᠠᠨ ᠤ ᠬᠡᠪᠴᠢᠶᠡᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ | ᠪᠠᠭᠠᠬᠠᠨ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ | ᠨᠢᠮᠭᠡᠨ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠵᠤ ᠬᠤᠪᠢᠷᠠᠭᠤᠯᠬᠤ ᠨᠤᠷᠮ᠎ᠠ ᠳᠣᠣᠷ᠎ᠠ᠂ | ᠪᠦᠲᠦᠭᠡᠭᠳᠡᠬᠦᠨ ᠤ ᠨᠡᠮᠡᠯᠲᠡ ᠦᠷᠳᠡᠭ ᠥᠨᠳᠥᠷ ᠪᠢᠰᠢ︔ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ | ᠲᠡᠩᠴᠡᠭᠦᠷᠢ ᠦᠭᠡᠢ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ︔ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠠᠷᠤᠯᠲᠠ ᠨᠡᠯᠢᠶᠡᠳ ᠶᠡᠭᠡ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠡᠭᠦᠷᠭᠡ ᠨᠦᠰᠡᠷ ᠬᠦᠨᠳᠦ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠪᠠᠷ ᠰᠢᠢᠳᠪᠦᠷᠢᠯᠡᠬᠦ ᠬᠡᠷᠡᠭᠲᠡᠢ᠃ | | |