2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠢ ᠮᠡᠳᠡᠭᠦᠯᠦᠯᠲᠡ ︵ᠭᠤᠷᠪᠠ︶
ᠨᠡᠶᠢᠲᠡᠯᠡᠭᠰᠡᠨ ᠴᠠᠭ᠄
2024/2/4
     ︵ᠳᠥᠷᠪᠡ︶ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠨ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ      ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠮᠥᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠢᠢ ᠲᠥᠩ ᠵᠠᠮ ᠢ ᠤᠮᠠᠷᠠᠰᠢ ᠥᠷᠭᠡᠳᠬᠡᠬᠦ᠂ ᠾᠧ ᠫᠢᠩ ᠪᠠᠷᠠᠭᠤᠨ ᠵᠡᠭᠡᠯᠢ ᠶᠢ ᠪᠠᠷᠠᠭᠤᠨᠰᠢ ᠥᠷᠭᠡᠳᠬᠡᠬᠦ ᠵᠡᠷᠭᠡ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ 2000 ᠣᠨ ᠠᠴᠠ 2005 ᠣᠨ ᠪᠣᠯᠲᠠᠯᠠᠬᠢ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠠᠵᠢᠯ ᠢ ᠡᠬᠢᠯᠡᠭᠦᠯᠵᠦ᠂ 5.7 ᠲᠦᠮᠡᠨ ᠮᠧᠲᠷ ᠤᠨ ᠢᠯᠴᠢ ᠶᠢᠨ ᠬᠦᠴᠦᠨ ᠤ ᠬᠤᠭᠤᠯᠠᠢ᠂ 1.9 ᠲᠦᠮᠡᠨ ᠮᠧᠲᠷ ᠤᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠢ ᠥᠭᠡᠷᠡᠴᠢᠯᠡᠵᠦ᠂ ᠬᠤᠲᠠ ᠶᠢᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠷᠥᠯ ᠵᠦᠢᠯ ᠤᠨ ᠠᠵᠢᠯ ᠳᠠᠭᠤᠰᠴᠤ ᠠᠵᠢᠯᠯᠠᠬᠤ ᠶᠢ ᠠᠬᠢᠭᠤᠯᠤᠨ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠪᠥᠬᠦ ᠤᠯᠤᠰ ᠤᠨ ᠪᠣᠯᠪᠠᠰᠤᠨ ᠬᠤᠲᠠ ᠶᠢ ᠴᠣᠭᠴᠠᠯᠠᠨ ᠪᠠᠶᠢᠭᠤᠯᠬᠤ ᠪᠠᠷ ᠲᠦᠰᠢᠭ ᠪᠣᠯᠭᠠᠵᠤ᠂ ᠬᠤᠲᠠ ᠶᠢᠨ ᠳᠦᠷᠰᠦ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ      ᠴᠢᠩᠭᠠᠳᠬᠠᠵᠤ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠶ᠎ᠡ ᠵᠣᠬᠢᠴᠠᠯ ᠲᠠᠢ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢ ᠪᠣᠶ ᠪᠣᠯᠭᠠᠨ᠎ᠠ᠃      ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠤᠷᠢᠨ ᠳᠤ᠂ ᠬᠤᠲᠠ ᠬᠥᠳᠡᠭᠡ ᠶᠢᠨ ᠵᠣᠬᠢᠴᠠᠩᠭᠤᠢ ᠲᠡᠩᠴᠡᠭᠦᠷᠢᠲᠡᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠪᠥᠬᠦ ᠬᠤᠰᠢᠭᠤᠨ ᠤ 230 ᠠᠶᠢᠯ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠣᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠲᠡᠶᠢᠰᠢ ᠬᠠᠮᠤᠷᠤᠨ ᠥᠷᠭᠡᠳᠬᠡᠬᠦ ᠶᠢ ᠠᠬᠢᠭᠤᠯᠤᠨ᠎ᠠ᠃ ᠶᠠᠳᠠᠭᠤ ᠠᠴᠠ ᠠᠩᠭᠢᠵᠢᠠᠭᠤᠯᠤᠨ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠬᠢᠵᠢᠭᠦᠯᠦᠨ      ᠥᠷᠭᠡᠳᠬᠡᠨ᠎ᠡ᠃ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠪᠠᠶᠢᠩᠭᠤᠵᠢᠭᠤᠯᠬᠤ ᠬᠢᠨᠠᠨ ᠬᠡᠮᠵᠢᠯᠲᠡ ᠶᠢ ᠬᠡᠷᠡᠭᠵᠢᠭᠦᠯᠦᠨ᠎ᠡ᠃ ᠠᠵᠤ ᠦᠢᠯᠡᠰ ᠢᠶᠠᠷ ᠣᠷᠣᠯᠭ᠎ᠠ ᠨᠡᠮᠡᠭᠳᠡᠭᠦᠯᠬᠦ ᠶᠢᠨ ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠵᠦᠩ ᠬᠤᠸᠠ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠨᠡᠶᠢᠭᠡᠮ ᠤᠨ ᠬᠦᠴᠦᠨ ᠢᠶᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠣᠨᠳᠣᠣ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠨᠢᠭᠡᠨᠲᠡ ᠶᠠᠳᠠᠭᠤ  ᠠᠴᠠ ᠠᠩᠭᠢᠵᠢᠷᠠᠭᠰᠠᠨ ᠣᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠠ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ 10 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠶᠢᠨ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠢᠨᠵᠧᠨᠧᠷᠢᠩ ᠢ ᠪᠣᠶ ᠪᠣᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃      ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠵᠠᠮ ᠬᠠᠷᠢᠯᠴᠠᠭᠠᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ S28 ᠪᠣᠷᠣᠬᠤᠲᠠ ᠠᠴᠠ ᠴᠢᠪᠠᠭ᠎ᠠ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ᠂ ᠮᠤᠵᠢ ᠬᠤᠯᠪᠣᠭᠰᠠᠨ ᠵᠠᠮ 210 ᠱᠤᠭᠤᠮ ᠤᠨ ᠡᠮᠦᠨ᠎ᠡ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ X211 ᠱᠤᠭᠤᠮ ᠤᠨ ᠶᠠᠩ ᠱᠤ᠋ ᠯᠢᠨ ᠠᠴᠠ ᠸᠠᠩ ᠶᠧ ᠾᠥᠸᠧ ᠹᠠᠩ ᠬᠦᠷᠬᠦ ᠬᠡᠰᠡᠭ᠂ ᠬᠥ᠋ ᠱᠠᠨ ᠽᠢ ᠠᠴᠠ ᠵᠢᠭᠠᠰᠤᠲᠠᠢ ᠬᠦᠷᠬᠦ ᠬᠡᠰᠡᠭ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠤᠮᠤ ᠰᠢᠶᠠᠩ ᠪᠠᠯᠭᠠᠰᠤ ᠪᠦᠬᠦᠨ ᠢ ᠭᠤᠷᠪᠠᠳᠤᠭᠠᠷ ᠳᠡᠰ ᠵᠢᠴᠢ ᠲᠡᠭᠦᠨ ᠠᠴᠠ ᠲᠡᠭᠡᠭᠰᠢᠬᠢ ᠵᠠᠰᠠᠮᠠᠯ ᠵᠠᠮ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠵᠢᠢ ᠲᠥᠩ ᠲᠡᠮᠦᠷ ᠵᠠᠮ ᠤᠨ ᠴᠠᠬᠢᠯᠭᠠᠨᠵᠢᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠤᠶᠠᠳᠠᠭᠢ ᠷᠠᠳᠠᠷ ᠤᠨ ᠭᠠᠵᠠᠷ ᠳᠡᠭᠡᠷᠡᠬᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠲᠤᠬᠤᠢ ᠶᠢᠨ ᠭᠤᠣᠯ ᠤᠨ ᠭᠤᠯᠳᠤᠷᠢᠯ ᠢ ᠵᠠᠰᠠᠬᠤ᠂ ᠬᠠᠬᠢᠷ ᠤᠨ ᠭᠤᠣᠯ ᠤᠨ ᠤᠰᠤᠯᠠᠯᠲᠠ ᠶᠢᠨ ᠣᠷᠣᠨ ᠤ ᠭᠤᠣᠯ ᠰᠤᠪᠠᠭ ᠤᠨ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠢᠨᠵᠧᠨᠧᠷᠢᠩ ᠢ ᠡᠮᠬᠢ ᠴᠡᠭᠴᠡ ᠲᠠᠢ ᠠᠬᠢᠭᠤᠯᠤᠨ᠎ᠠ᠃ ᠴᠠᠬᠢᠯᠭᠠᠨ ᠬᠦᠴᠦᠨ ᠤ ᠴᠠᠬᠢᠯᠭᠠᠨ ᠤ ᠲᠣᠣᠷ ᠤᠨ ᠢᠵᠢ ᠪᠦᠷᠢᠳᠦᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠴᠠᠬᠢᠯᠭᠠᠨ ᠤ ᠲᠣᠣᠷ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ ᠲᠦᠷᠭᠡᠳᠬᠡᠨ᠂ ᠳᠠᠷᠬᠠᠨ ᠤ 66 ᠺᠢᠯᠦᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ ᠠᠷᠤ ᠬᠤᠷᠴᠢᠨ ᠬᠤᠰᠢᠭᠤᠨ ᠤ ᠤᠮᠠᠷᠠᠲᠤ 500 ᠺᠢᠯᠦᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠬᠦ ᠳᠠᠭᠠᠭᠠᠴᠠ ᠶᠢᠨ ᠬᠡᠷᠡᠭᠴᠡᠭᠡ ᠶᠢ ᠬᠠᠩᠭᠠᠨ᠎ᠠ᠃      ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠬᠤ ᠪᠠᠷ ᠭᠤᠣᠯ ᠪᠣᠯᠭᠠᠵᠤ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠦᠴᠦᠯᠡᠨ ᠳᠡᠭᠡᠭᠰᠢᠯᠡᠭᠦᠯᠦᠨ᠎ᠡ      ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠲᠣᠪᠤᠶᠢᠯᠭᠠᠨ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ᠂ ᠬᠥᠯᠥᠰᠦᠨ ᠠᠵᠢᠯᠴᠢᠨ᠂ ᠠᠵᠢᠯ ᠠᠯᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠠᠵᠢᠯ ᠣᠯᠭᠤᠯᠲᠠ ᠶᠢᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠠᠬᠢᠭᠤᠯᠤᠨ᠎ᠠ᠃ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃ ᠲᠣᠰ ᠵᠢᠯ ᠳᠤ ᠬᠤᠲᠠ ᠪᠠᠯᠭᠠᠰᠤ ᠶᠢᠨ 700 ᠬᠥᠮᠥᠨ ᠳᠤ ᠰᠢᠨ᠎ᠡ ᠪᠠᠷ ᠠᠵᠢᠯ ᠣᠯᠭᠤᠵᠤ᠂ 4.95 ᠲᠦᠮᠡ ᠠᠴᠠ ᠳᠡᠭᠡᠭᠰᠢ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠦᠨᠡᠨ ᠬᠦ ᠪᠠᠲᠤᠯᠠᠨ᠎ᠠ᠃      ᠴᠢᠨᠠᠷ ᠰᠠᠶᠢᠲᠠᠢ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ᠎ᠡ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢ ᠪᠤᠢ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠬᠠᠷᠠᠭᠠᠯᠵᠠᠬᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠭᠦᠯᠬᠦ᠂ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠤᠯᠠᠨ ᠶᠠᠩᠵᠤᠴᠢᠯᠠᠭᠰᠠᠨ ᠪᠥᠭᠡᠳ ᠣᠨᠴᠠᠯᠢᠬᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠯᠪᠠᠰᠤᠷᠠᠭᠤᠯᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ     ︽ᠰᠠᠭᠤᠷᠢ ᠶᠢ ᠴᠢᠩᠭᠠᠳᠬᠠᠬᠤ ᠢᠨᠵᠧᠨᠧᠷᠢᠩ︾ ᠤᠨ ᠪᠠᠷᠢᠮᠵᠢᠶ᠎ᠠ ᠳᠤ ᠬᠦᠷᠦᠭᠦᠯᠬᠦ ᠶᠢ ᠪᠡᠶᠡᠯᠡᠭᠦᠯᠦᠨ᠎ᠡ᠃ ᠬᠤᠰᠢᠭᠤᠨ ᠤ ᠰᠢᠭᠤᠳ ᠬᠠᠷᠢᠶ᠎ᠠ ᠲᠠᠪᠤᠳᠤᠭᠠᠷ ᠬᠡᠦᠬᠡᠳ ᠤᠨ ᠴᠡᠴᠡᠷᠯᠢᠭ᠂ ᠴᠢᠪᠠᠭ᠎ᠠ ᠶᠢᠰᠦᠨ ᠵᠢᠯ ᠤᠨ ᠳᠦᠷᠢᠮᠲᠦ ᠰᠤᠷᠭᠠᠭᠤᠯᠢ᠂ ᠴᠢᠪᠠᠭ᠎ᠠ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠠᠮᠢᠳᠤᠷᠠᠯ ᠳᠤ ᠬᠡᠷᠡᠭᠯᠡᠬᠦ ᠭᠡᠷ ᠪᠠᠶᠢᠰᠢᠩ ᠵᠡᠷᠭᠡ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃      ᠡᠷᠡᠭᠦᠯ ᠡᠩᠬᠡ ᠠᠷᠤ ᠬᠤᠷᠴᠢᠨ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠲᠠᠳ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ᠤᠯᠤᠰ ᠤᠨ ᠬᠢᠲᠠᠳ ᠮᠣᠩᠭᠤᠯ ᠡᠮᠨᠡᠯᠭᠡ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠠᠬᠢᠭᠤᠯᠵᠤ᠂ ᠬᠢᠲᠠᠳ ︵ᠮᠣᠩᠭᠤᠯ︶ ᠤᠨ ᠡᠮ ᠡᠮᠨᠡᠯᠭᠡ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠳᠣᠷᠣᠭᠰᠢ ᠪᠠᠭᠤᠯᠭᠠᠬᠤ ᠪᠠ ᠲᠠᠰ ᠬᠤᠪᠢᠶᠠᠨ ᠣᠨᠣᠰᠢᠯᠠᠨ ᠡᠮᠨᠡᠬᠦ ᠶᠢ ᠡᠮᠬᠢ ᠵᠢᠷᠤᠮ ᠲᠠᠢ ᠶᠠᠪᠤᠭᠳᠠᠭᠤᠯᠬᠤ ᠶᠢ ᠠᠬᠢᠭᠤᠯᠤᠨ᠎ᠠ᠃ ᠦᠷᠡᠵᠢᠯ ᠢ ᠳᠡᠮᠵᠢᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠴᠣᠭᠴᠠᠯᠠᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ 3 ᠠᠴᠠ ᠳᠡᠭᠡᠭᠰᠢᠬᠢ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ᠂ 2 ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠ 40 ᠠᠴᠠ ᠳᠡᠭᠡᠭᠰᠢᠬᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠣᠰᠬᠤᠨ ᠢ ᠴᠣᠭᠴᠠᠯᠠᠨ ᠪᠠᠶᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠦᠨᠳᠦᠰᠦᠲᠡᠨ ᠤ ᠪᠦᠯᠬᠦᠮᠳᠡᠯ ᠤᠨ ᠰᠣᠶᠣᠯ ᠤᠨ ᠬᠦᠷᠢᠶᠡᠯᠡᠩ᠂ ᠲᠠᠯ᠎ᠠ ᠨᠤᠲᠤᠭ ᠤᠨ ᠵᠢᠵᠢᠭ ᠪᠠᠯᠭᠠᠰᠤᠨ ᠤ ᠵᠤᠭ᠎ᠠ ᠴᠡᠩᠬᠡᠭᠦᠨ ᠤ ᠭᠠᠵᠠᠷ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠦᠬᠦ ᠤᠯᠤᠰ ᠤᠨ ᠵᠢᠣᠳᠣᠣ ᠪᠥᠬᠡ ᠶᠢᠨ ᠬᠤᠪᠢ ᠬᠤᠷᠠᠮᠳᠤᠭᠤᠯᠬᠤ ᠤᠷᠤᠯᠳᠤᠭᠠᠨ ᠢ ᠳᠠᠭᠠᠭᠠᠴᠢᠯᠠᠨ ᠡᠷᠬᠢᠯᠡᠵᠦ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯ ᠤᠨ ᠳᠠᠷᠤᠭ᠎ᠠ ᠶᠢᠨ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠭᠦᠳᠡᠯ ᠮᠠᠯᠵᠢᠯ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠴᠣᠭᠴᠠᠯᠠᠨ ᠪᠠᠶᠢᠭᠤᠯᠬᠤ ᠶᠢ ᠲᠦᠷᠭᠡᠳᠬᠡᠵᠦ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠨ᠎ᠠ᠃      ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠨᠢᠭᠲᠠ ᠪᠥᠭᠡᠳ ᠪᠠᠲᠤ ᠪᠠᠬᠢ      ᠰᠦᠯᠵᠢᠵᠦ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠤᠯᠠᠨ ᠲᠦᠮᠡᠨ ᠢ ᠲᠦᠷ ᠴᠠᠭ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠪᠠᠭᠤᠷᠠᠢ ᠬᠠᠮᠲᠤᠯᠢᠭ ᠤᠨ ᠦᠨᠳᠦᠰᠦᠨ ᠠᠮᠢᠳᠤᠷᠠᠯ ᠪᠠ ᠡᠯ᠎ᠡ ᠵᠦᠢᠯ ᠤᠨ ᠡᠷᠬᠡ ᠠᠰᠢᠭ ᠢ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠶᠢ ᠴᠢᠩᠭᠠᠳᠬᠠᠵᠤ᠂ ᠵᠠᠯᠠᠭᠤᠴᠤᠳ ᠤᠨ ᠠᠵᠢᠯ ᠢ ᠰᠠᠶᠢᠲᠤᠷ ᠬᠢᠨ᠎ᠡ᠃ ᠣᠷᠣᠰᠢᠭᠤᠯᠭ᠎ᠠ ᠶᠢᠨ ᠭᠠᠵᠠᠷ ᠤᠨ ᠬᠠᠲᠠᠭᠤ ᠲᠣᠨᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠷᠠᠭᠤᠯᠤᠨ᠂ 3 ᠰᠠᠭᠤᠷᠢ ᠰᠤᠮᠤ ᠰᠢᠶᠠᠩ ᠪᠠᠯᠭᠠᠰᠤ ᠶᠢᠨ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 56 ᠰᠠᠭᠤᠷᠢ ᠭᠠᠴᠠᠭ᠎ᠠ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠳᠡᠭᠡ ᠶᠢ ᠪᠦᠲᠦᠭᠡᠨ ᠪᠠᠶᠢᠭᠤᠯᠤᠨ᠎ᠠ᠃ ᠬᠤᠶᠠᠷ ᠢ ᠬᠦᠷᠢᠶᠡᠯᠡᠬᠦ᠂      ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃      ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠵᠦᠢᠯ ᠤᠨ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠤᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠢ ᠬᠡᠷᠡᠭᠵᠢᠭᠦᠯᠦᠨ᠎ᠡ᠃ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠵᠢᠭᠤᠷᠠᠭᠠᠨ ᠤ ᠳᠠᠯᠳᠠ ᠭᠡᠮ ᠢ ᠪᠠᠶᠢᠴᠠᠭᠠᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠢ ᠴᠢᠩᠭ᠎ᠠ ᠠᠳᠬᠤᠨ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠮᠤᠷ ᠲᠦᠪᠰᠢᠨ ᠤ ᠠᠳᠡᠯ ᠡᠭᠦᠰᠬᠦ ᠶᠢ ᠡᠷᠡᠰ ᠰᠡᠷᠭᠡᠶᠢᠯᠡᠨ ᠬᠤᠷᠢᠭᠯᠠᠵᠤ᠂ ︽ᠮᠡᠳᠡᠭᠡᠯᠡᠯ᠂ ᠵᠢᠯᠣᠭᠤᠳᠤᠯᠭ᠎ᠠ᠂ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃      ᠲᠥᠯᠥᠭᠡᠯᠡᠭᠴᠢᠳ ᠠ᠋᠂ ᠡᠭᠦᠷᠭᠡ ᠬᠦᠨᠳᠦ ᠵᠠᠮ ᠬᠤᠯᠠ ᠬᠦᠴᠢᠷ ᠪᠡᠷᠬᠡᠰᠢᠶᠡᠯ ᠳᠠᠪᠬᠤᠷ ᠳᠠᠪᠬᠤᠷ ᠪᠣᠯᠪᠠᠴᠤ᠂ ᠡᠷᠴᠢ ᠵᠣᠷᠢᠭ ᠢᠶᠠᠨ ᠬᠥᠪᠴᠢᠯᠡᠨ ᠴᠣᠴᠠᠯᠲᠠ ᠦᠭᠡᠢ ᠴᠢᠷᠮᠠᠶᠢᠵᠤ ᠥᠷᠭᠦᠯᠵᠢᠯᠠᠨ ᠤᠷᠤᠭᠰᠢᠯᠠᠰᠤᠭᠠᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ      ᠳᠣᠣᠷ᠎ᠠ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠳᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠴᠢᠷᠮᠠᠶᠢᠨ ᠠᠵᠢᠯᠯᠠᠵᠤ᠂ ᠠᠷᠤ ᠬᠤᠷᠴᠢᠨ ᠬᠤᠰᠢᠭᠤᠨ ᠤ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号