2023 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2024/2/5
     ᠬᠤᠶᠠᠷ᠂ 2024 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ      ᠲᠥᠰᠦᠪ ᠢ ᠨᠠᠶᠢᠷᠠᠭᠤᠯᠤᠨ ᠵᠣᠬᠢᠶᠠᠭᠰᠠᠨ ᠪᠠ ᠡᠳ᠋ ᠤᠨ ᠵᠠᠰᠠᠭ ᠤᠨ ᠠᠵᠢᠯ ᠤᠨ ᠦᠨᠳᠦᠰᠦᠨ ᠰᠡᠳᠬᠢᠮᠵᠢ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠳᠡᠭᠡᠳᠦ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠤᠰᠢᠭᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠪᠠ ᠬᠠᠷᠠᠯᠲᠠ ᠡᠭᠦᠷᠭᠡ ᠶᠢᠨ ᠲᠣᠭᠤᠷᠢᠨ ᠳᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠡᠳ᠋ ᠤᠨ ᠵᠠᠰᠠᠭ ᠭᠠᠶᠢᠯᠢ ᠲᠡᠲᠡᠪᠦᠷᠢ ᠶᠢᠨ ᠪᠠᠶᠢᠭᠤᠯᠣᠮᠵᠢ ᠤᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠢᠳᠡᠪᠬᠢᠲᠡᠢ ᠠᠬᠢᠭᠤᠯᠵᠤ᠂ ᠪᠦᠲᠦᠴᠡ ᠶᠢᠨ ᠴᠢᠨᠠᠷᠲᠠᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ   ︽ᠠᠷᠪᠢᠴᠢ ᠭᠠᠮᠲᠠᠢ ᠠᠮᠢᠳᠣᠷᠠᠬᠤ︾ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠲᠠᠯᠠᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠶᠡᠬᠡᠪᠡᠷ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠣᠷᠣᠨ ᠨᠣᠲᠤᠭ ᠤᠨ ᠵᠠᠰᠠᠭ ᠤᠨ ᠣᠷᠳᠣᠨ ᠤ ᠦᠷᠢ ᠦᠭᠴᠡᠭᠡᠨ ᠤ ᠬᠠᠮᠢᠶᠠᠷᠣᠯᠲᠠ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠨ᠎ᠠ᠃ ᠳᠡᠭᠡᠷ᠎ᠡ ᠳᠤᠷᠠᠳᠤᠭᠰᠠᠨ ᠰᠡᠳᠬᠢᠮᠵᠢ ᠶᠢ ᠦᠨᠳᠦᠰᠦᠯᠡᠨ᠂ 2024 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠢ ᠳᠣᠣᠷᠠᠬᠢ ᠮᠡᠲᠦ ᠲᠣᠬᠢᠷᠠᠭᠤᠯᠪᠠ᠄      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ      2024 ᠣᠨ ᠳᠤ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 46,245 ᠲᠦᠮᠡᠨ ᠲᠥᠭᠦᠷᠢᠭ ᠪᠡᠶᠡᠯᠡᠭᠦᠯᠬᠦ ᠪᠠᠷ ᠵᠢᠱᠢᠵᠦ᠂ ᠳᠡᠭᠡᠷ᠎ᠡ ᠵᠢᠯ ᠤᠨ ᠬᠢ ᠠᠴᠠ 3,426 ᠲᠦᠮᠡᠨ ᠲᠥᠭᠦᠷᠢᠭ ᠨᠡᠮᠡᠭᠳᠡᠭᠦᠯᠵᠦ᠂ 8% ᠪᠠᠷ ᠳᠡᠭᠡᠭᠰᠢᠯᠡᠭᠦᠯᠦᠨ᠎ᠡ᠃ ᠡᠭᠦᠨ ᠳᠤ ᠭᠠᠶᠢᠯᠢ ᠶᠢᠨ ᠣᠷᠣᠯᠭ᠎ᠠ 32,245 ᠲᠦᠮᠡᠨ ᠲᠥᠭᠦᠷᠢᠭ ᠲᠣᠬᠢᠷᠠᠭᠤᠯᠵᠤ᠂ 11.67% ᠪᠠᠷ ᠳᠡᠭᠡᠭᠰᠢᠯᠡᠭᠦᠯᠦᠨ᠎ᠡ᠃ ᠭᠠᠶᠢᠯᠢ ᠶᠢᠨ ᠪᠤᠰᠤ ᠣᠷᠣᠯᠭ᠎ᠠ 14,000 ᠲᠦᠮᠡᠨ ᠲᠥᠭᠦᠷᠢᠭ ᠲᠣᠬᠢᠷᠠᠭᠤᠯᠵᠤ᠂ 0.4% ᠪᠠᠷ ᠳᠡᠭᠡᠭᠰᠢᠯᠡᠭᠦᠯᠦᠨ᠎ᠡ᠃      2024 ᠣᠨ ᠤ ᠣᠷᠣᠯᠭ᠎ᠠ ᠶᠢᠨ ᠶᠡᠷᠦᠩᠬᠡᠢ ᠬᠡᠮᠵᠢᠶ᠎ᠡ 448,709 ᠲᠦᠮᠡᠨ ᠲᠥᠭᠦᠷᠢᠭ᠂ ᠡᠭᠦᠨ ᠳᠤ᠄ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 46,245 ᠲᠦᠮᠡᠨ ᠲᠥᠭᠦᠷᠢᠭ᠂ ᠡᠭᠡᠭᠦᠯᠦᠨ ᠪᠣᠴᠠᠭᠠᠬᠤ ᠴᠢᠨᠠᠷᠲᠠᠢ ᠣᠷᠣᠯᠭ᠎ᠠ 7,735 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ      229,372 ᠲᠦᠮᠡᠨ ᠲᠥᠭᠦᠷᠢᠭ᠂ ᠲᠤᠰᠬᠠᠢ ᠲᠥᠷᠥᠯ ᠤᠨ ᠰᠢᠯᠵᠢᠭᠦᠯᠦᠨ ᠥᠭᠬᠦ ᠣᠷᠣᠯᠭ᠎ᠠ 3,666 ᠲᠦᠮᠡᠨ ᠲᠥᠭᠦᠷᠢᠭ᠂ ᠰᠢᠯᠵᠢᠭᠦᠯᠦᠨ ᠠᠪᠴᠢᠷᠠᠬᠤ ᠪᠡᠯᠡ ᠮᠥᠩᠭᠦ 110,106 ᠲᠦᠮᠡᠨ ᠲᠥᠭᠦᠷᠢᠭ ︵ᠲᠥᠰᠦᠪ ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ 619 ᠲᠦᠮᠡᠨ ᠲᠥᠭᠦᠷᠢᠭ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ 29,487 ᠲᠦᠮᠡᠨ ᠲᠥᠭᠦᠷᠢᠭ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ 80,000 ᠲᠦᠮᠡᠨ ᠲᠥᠭᠦᠷᠢᠭ︶᠂ ᠳᠡᠭᠡᠷ᠎ᠡ ᠵᠢᠯ ᠠᠴᠠ ᠳ᠋ᠦᠩᠨᠡᠨ ᠰᠢᠯᠵᠢᠭᠦᠯᠬᠦ ᠣᠷᠣᠯᠭ᠎ᠠ           51,585 ᠲᠦᠮᠡᠨ ᠲᠥᠭᠦᠷᠢᠭ ᠪᠣᠯᠤᠨ᠎ᠠ᠃ ᠣᠷᠣᠯᠭ᠎ᠠ ᠶᠢᠨ ᠶᠡᠷᠦᠩᠬᠡᠢ ᠬᠡᠮᠵᠢᠶ᠎ᠡ ᠶᠢᠨ ᠳᠡᠭᠡᠳᠦ ᠱᠠᠲᠤᠨ ᠳᠤ ᠲᠣᠰᠢᠶᠠᠬᠤ ᠵᠠᠷᠤᠯᠭ᠎ᠠ 20,357 ᠲᠦᠮᠡᠨ ᠲᠥᠭᠦᠷᠢᠭ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ 428,352 ᠲᠦᠮᠡᠨ ᠲᠥᠭᠦᠷᠢᠭ ᠲᠣᠬᠢᠷᠠᠭᠤᠯᠣᠨ᠎ᠠ᠃ ᠵᠠᠷᠤᠯᠭ᠎ᠠ ᠶᠢᠨ ᠴᠢᠳᠠᠮᠵᠢ ᠪᠠᠷ ᠲᠥᠷᠥᠯ ᠬᠤᠪᠢᠶᠠᠨ ᠳᠣᠣᠷᠠᠬᠢ ᠮᠡᠲᠦ ᠲᠣᠬᠢᠷᠠᠭᠤᠯᠪᠠ᠄      ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠳᠠᠯ 36,347 ᠲᠦᠮᠡᠨ ᠲᠥᠭᠦᠷᠢᠭ᠂ ᠭᠤᠣᠯᠳᠠᠭᠤ ᠣᠯᠠᠨ ᠨᠡᠶᠢᠲᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ  ᠬᠡᠷᠡᠭᠯᠡᠨ᠎ᠡ᠃ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 11,727 ᠲᠦᠮᠡᠨ ᠲᠥᠭᠦᠷᠢᠭ᠂ ᠭᠤᠣᠯᠳᠠᠭᠤ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠰᠤᠷᠭᠠᠨ ᠬᠥᠮᠦᠵᠢᠯ ᠤᠨ ᠵᠠᠷᠤᠯᠭ᠎ᠠ 69,834 ᠲᠦᠮᠡᠨ ᠲᠥᠭᠦᠷᠢᠭ᠂ ᠭᠤᠣᠯᠳᠠᠭᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠪᠦᠬᠦ ᠬᠤᠰᠢᠭᠤᠨ ᠤ ᠡᠯ᠎ᠡ ᠰᠤᠷᠭᠠᠭᠤᠯᠢ ᠶᠢᠨ ᠴᠠᠯᠢᠩ᠂ ᠡᠷᠭᠢᠯᠲᠡ ᠵᠢᠴᠢ ᠲᠥᠷᠥᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 1,302 ᠲᠦᠮᠡᠨ ᠲᠥᠭᠦᠷᠢᠭ᠂ ᠭᠤᠣᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 3,058 ᠲᠦᠮᠡᠨ ᠲᠥᠭᠦᠷᠢᠭ᠂ ᠭᠤᠣᠯᠳᠠᠭᠤ ᠰᠣᠶᠣᠯ ᠵᠢᠭᠤᠯᠴᠢᠯᠠᠯ᠂ ᠪᠡᠶ᠎ᠡ ᠶᠢᠨ ᠲᠠᠮᠢᠷ᠂ ᠷᠠᠳᠢᠣ᠋ ᠨᠡᠪᠲᠡᠷᠡᠭᠦᠯᠭᠡ ᠲᠧᠯᠸᠢᠰ ᠵᠢᠴᠢ ᠰᠣᠨᠢᠨ ᠮᠡᠳᠡᠭᠡ ᠵᠠᠭᠤᠴᠢᠯᠠᠭᠤᠷ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 77,183 ᠲᠦᠮᠡᠨ ᠲᠥᠭᠦᠷᠢᠭ᠂ ᠭᠤᠣᠯᠳᠠᠭᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ᠂ ᠠᠰᠠᠷᠠᠮᠵᠢ ᠲᠡᠳᠬᠦᠮᠵᠢ᠂ ᠣᠨᠴᠠ ᠬᠦᠴᠢᠷᠳᠡᠯᠲᠡᠢ ᠬᠥᠮᠦᠰ ᠢ ᠠᠰᠠᠷᠠᠨ ᠲᠡᠵᠢᠭᠡᠬᠦ ᠵᠡᠷᠭᠡ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠣᠯᠭᠤᠬᠤ ᠨᠥᠬᠦᠪᠥᠷᠢ ᠶᠢᠨ ᠵᠠᠷᠤᠯᠭ᠎ᠠ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠠᠮᠠᠷᠠᠭᠰᠠᠳ ᠳᠠᠷᠬᠠᠯᠠᠭᠰᠠᠳ ᠤᠨ ᠵᠠᠷᠤᠳᠠᠯ᠂ ᠨᠥᠭᠴᠢᠭᠰᠡᠳ ᠤᠨ ᠭᠡᠷ ᠪᠦᠯᠢ ᠶᠢᠨ ᠨᠥᠬᠦᠪᠥᠷᠢ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠷᠤᠯᠭ᠎ᠠ 24,564 ᠲᠦᠮᠡᠨ ᠲᠥᠭᠦᠷᠢᠭ ᠪᠠᠶᠢᠵᠤ᠂ ᠭᠤᠣᠯᠳᠠᠭᠤ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠬᠥᠳᠡᠭᠡ ᠲᠣᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠴᠢᠯᠡᠭᠡᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠡᠮᠴᠢᠯᠡᠭᠡ ᠡᠷᠡᠭᠦᠯ ᠬᠠᠮᠠᠭᠠᠯᠠᠯ ᠤᠨ ᠵᠠᠷᠤᠯᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠳᠠᠭᠠᠳᠬᠠᠯ ᠵᠡᠷᠭᠡ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ ᠵᠢᠴᠢ ᠲᠦᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ ᠶᠢ 12,611 ᠲᠦᠮᠡᠨ ᠲᠥᠭᠦᠷᠢᠭ ᠲᠣᠬᠢᠷᠠᠭᠤᠯᠵᠦ᠂ ᠭᠤᠣᠯᠳᠠᠭᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠨᠢᠭᠡᠴᠢ ᠶᠢᠨ ᠴᠠᠯᠢᠩ᠂ ᠠᠵᠢᠯᠯᠠᠭᠠᠨ ᠤ ᠵᠠᠷᠤᠯᠭ᠎ᠠ ᠵᠢᠴᠢ ᠣᠷᠴᠢᠨ ᠠᠬᠤᠢ ᠶᠢᠨ ᠬᠠᠮᠠᠭᠠᠯᠠᠯᠲᠠ ᠶᠢᠨ ᠲᠦᠷᠦᠯ ᠵᠦᠢᠯ ᠤᠨ ᠵᠠᠷᠤᠯᠭ᠎ᠠ ᠳᠤ ᠬᠡᠷᠡᠭᠯᠡᠨ᠎ᠡ᠃ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 23,944 ᠲᠦᠮᠡᠨ ᠲᠥᠭᠦᠷᠢᠭ ︵ᠡᠭᠦᠨ ᠳᠤ᠄ ᠨᠣᠭᠤᠭᠠᠷᠠᠭᠤᠯᠣᠯᠲᠠ ᠠᠷᠠᠴᠢᠯᠠᠨ ᠬᠠᠮᠠᠭᠠᠯᠠᠯᠲᠠ 1,230 ᠲᠦᠮᠡᠨ ᠲᠥᠭᠦᠷᠢᠭ︶᠂ ᠡᠭᠦᠨ ᠢ ᠭᠤᠣᠯᠳᠠᠭᠤ ᠬᠤᠳᠠ ᠶᠢᠨ ᠶᠠᠪᠣᠳᠠᠯ ᠤᠨ ᠲᠥᠬᠦᠭᠡᠷᠦᠮᠵᠢ ᠶᠢᠨ ᠠᠷᠠᠴᠢᠯᠠᠨ ᠬᠠᠮᠠᠭᠠᠯᠠᠯᠲᠠ᠂ ᠬᠤᠳᠠ ᠶᠢᠨ ᠦᠵᠡᠮᠵᠢ ᠶᠢᠨ ᠠᠷᠠᠴᠢᠯᠠᠨ ᠬᠠᠮᠠᠭᠠᠯᠠᠯᠲᠠ ᠵᠢᠴᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠬᠤᠳᠠ ᠲᠣᠭᠤᠷᠢᠭ ᠬᠤᠳᠠ ᠶᠢᠨ ᠶᠠᠪᠤᠳᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠤᠨ ᠪᠠᠩᠬᠢ ᠶᠢᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠃ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 95,379 ᠲᠦᠮᠡᠨ ᠲᠥᠭᠦᠷᠢᠭ᠂ ᠭᠤᠣᠯᠳᠠᠭᠤ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠤᠨ ᠦᠨᠳᠦᠰᠦᠨ ᠬᠥᠯᠥᠰᠦ ᠣᠯᠭᠤᠮᠵᠢ᠂ ᠭᠠᠴᠠᠭ᠎ᠠ ᠲᠣᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠵᠠᠷᠤᠳᠠᠯ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠵᠠᠷᠤᠳᠠᠯ᠂ ᠲᠤᠰᠢᠶᠠᠯ ᠠᠴᠠ ᠪᠠᠨ ᠰᠠᠯᠤᠭᠰᠠᠨ ᠭᠠᠴᠠᠭ᠎ᠠ ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠦᠷᠢ᠂ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ ᠠᠵᠢᠯᠯᠠᠭᠠᠨ ᠤ ᠵᠠᠷᠤᠳᠠᠯ ᠵᠡᠷᠭᠡ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠵᠠᠷᠤᠳᠠᠯ᠂ ᠲᠠᠷᠢᠶᠠᠯᠠᠩ᠂ ᠣᠶ ᠰᠢᠭᠤᠢ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠰᠢᠭᠤᠨ ᠤ ᠲᠣᠰ ᠱᠠᠲᠤᠨ ᠤ ᠢᠵᠢ ᠪᠦᠷᠢᠳᠦᠭᠦᠯᠬᠦ ᠵᠠᠷᠤᠯᠭ᠎ᠠ᠂ ᠶᠠᠳᠠᠭᠤ ᠶᠢ ᠲᠡᠳᠭᠦᠨ ᠬᠥᠭᠦᠷᠭᠡ ᠭᠡᠳᠦᠯᠭᠡᠬᠦ᠂ ᠶᠠᠳᠠᠭᠤ ᠬᠦᠴᠢᠷᠳᠡᠯᠲᠡᠢ ᠲᠣᠰᠬᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠨ ᠪᠠᠩᠬᠢ ᠶᠢᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠃ ᠵᠠᠮ ᠬᠠᠷᠢᠯᠴᠠᠭ᠎ᠠ ᠠᠴᠢᠶ᠎ᠠ ᠲᠡᠭᠡᠭᠡᠪᠦᠷᠢ ᠶᠢᠨ ᠵᠠᠷᠤᠯᠭ᠎ᠠ 7,388 ᠲᠦᠮᠡᠨ ᠲᠥᠭᠦᠷᠢᠭ᠂ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠬᠠᠷᠢᠯᠴᠠᠭ᠎ᠠ᠂ ᠵᠠᠰᠠᠮᠠᠯ ᠵᠠᠮ ᠢ ᠬᠠᠮᠢᠶᠠᠷᠤᠨ ᠬᠠᠮᠠᠭᠠᠯᠠᠬᠤ ᠪᠠ ᠠᠴᠢᠶ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠲᠥᠪ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠨᠢᠭᠡᠴᠢ ᠶᠢᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 1,037 ᠲᠦᠮᠡᠨ ᠲᠥᠭᠦᠷᠢᠭ᠂ ᠭᠤᠣᠯᠳᠠᠭᠤ ᠠᠷᠠᠯᠵᠢᠶ᠎ᠠ ᠬᠤᠳᠠᠯᠳᠤᠭ᠎ᠠ ᠦᠢᠯᠡᠴᠢᠯᠡᠭᠡᠨ ᠤ ᠦᠢᠯᠡᠰ ᠤᠨ ᠰᠠᠯᠠᠭ᠎ᠠ ᠮᠥᠴᠢᠷ ᠤᠨ ᠴᠠᠯᠢᠩ᠂ ᠠᠵᠢᠯᠯᠠᠭᠠᠨ ᠵᠢᠴᠢ ᠠᠷᠠᠯᠵᠢᠶᠠᠴᠢᠨ ᠤᠷᠢᠵᠤ ᠪᠡᠯᠡ ᠲᠠᠲᠠᠬᠤ ᠵᠠᠷᠤᠯᠭ᠎ᠠ ᠳᠤ ᠬᠡᠷᠡᠭᠯᠡᠨ᠎ᠡ᠃ ᠪᠠᠶᠢᠭᠠᠯᠢ ᠶᠢᠨ ᠡᠬᠢ ᠪᠠᠶᠠᠯᠢᠭ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 1,311 ᠲᠦᠮᠡᠨ ᠲᠥᠭᠦᠷᠢᠭ ᠂ ᠭᠤᠣᠯᠳᠠᠭᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ᠂ ᠡᠵᠡᠭᠦᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠠᠷᠤᠯᠭ᠎ᠠ ᠳᠤ ᠬᠡᠷᠡᠭᠯᠡᠨ᠎ᠡ᠃ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 30,174 ᠲᠦᠮᠡᠨ ᠲᠥᠭᠦᠷᠢᠭ᠂ ᠭᠤᠣᠯᠳᠠᠭᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠰᠠᠭᠤᠷᠢ ᠮᠦᠩᠭᠦᠨ ᠤ ᠵᠠᠷᠤᠯᠭ᠎ᠠ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠵᠢᠭᠡᠯᠡᠯᠭᠡ ᠶᠢᠨ ᠡᠬᠡ ᠬᠦᠦ ᠶᠢ ᠪᠤᠴᠠᠭᠠᠬᠤ ᠵᠠᠷᠤᠯᠭ᠎ᠠ ᠳᠤ ᠬᠡᠷᠡᠭᠯᠡᠨ᠎ᠡ᠃ ᠠᠮᠤ ᠬᠦᠨᠡᠰᠦ ᠲᠣᠰᠣ ᠡᠳ᠋ ᠪᠣᠳᠠᠰ ᠤᠨ ᠨᠥᠭᠡᠴᠡᠯᠡᠯᠲᠡ ᠶᠢᠨ ᠵᠠᠷᠤᠯᠭ᠎ᠠ 89 ᠲᠦᠮᠡᠨ ᠲᠥᠭᠦᠷᠢᠭ᠂ ᠭᠤᠣᠯᠳᠠᠭᠤ ᠠᠮᠤ ᠬᠦᠨᠡᠰᠦᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠡᠯᠭᠦᠭᠡ ᠳᠠᠩᠰᠠᠨ ᠤ ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ᠃ ᠭᠠᠢ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠵᠠᠷᠤᠯᠭ᠎ᠠ 1,853 ᠲᠦᠮᠡᠨ ᠲᠥᠭᠦᠷᠢᠭ ᠂ ᠭᠤᠣᠯᠳᠠᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠯ ᠢ ᠰᠡᠷᠭᠡᠶᠢᠯᠡᠨ ᠤᠨᠲᠠᠷᠠᠭᠠᠬᠤ ᠪᠠ ᠭᠠᠵᠠᠷ ᠬᠥᠳᠡᠯᠦᠯᠲᠡ ᠶᠢᠨ ᠰᠠᠯᠠᠭ᠎ᠠ ᠮᠥᠴᠢᠷ ᠤᠨ ᠴᠠᠯᠢᠩ ᠵᠢᠴᠢ ᠠᠵᠢᠯᠯᠠᠭᠠᠨ ᠤ ᠵᠠᠷᠤᠯᠭ᠎ᠠ ᠳᠤ ᠬᠡᠷᠡᠭᠯᠡᠨ᠎ᠡ᠃ ᠦᠷᠢ ᠥᠭᠴᠡᠭᠡᠨ ᠤ ᠬᠦᠦ ᠮᠥᠩᠭᠦ ᠶᠢ ᠲᠦᠯᠦᠬᠦ ᠵᠠᠷᠤᠯᠭ᠎ᠠ 9,897 ᠲᠦᠮᠡᠨ ᠲᠥᠭᠦᠷᠢᠭ ᠂ ᠭᠤᠣᠯᠳᠠᠭᠤ ᠣᠷᠣᠨ ᠨᠤᠲᠤᠭ ᠤᠨ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢᠨ ᠵᠠᠷᠤᠯᠭ᠎ᠠ ᠳᠤ ᠬᠡᠷᠡᠭᠯᠡᠨ᠎ᠡ᠃ ᠪᠤᠰᠤᠳ ᠵᠠᠷᠤᠯᠭ᠎ᠠ 10,654 ᠲᠦᠮᠡᠨ ᠲᠥᠭᠦᠷᠢᠭ ᠂ ᠭᠤᠣᠯᠳᠠᠭᠤ ᠬᠥᠮᠥᠨ ᠬᠦᠴᠦ ᠨᠡᠮᠡᠭᠳᠡᠨ ᠴᠠᠯᠢᠩ ᠬᠦᠯᠦᠰᠦ ᠨᠡᠮᠡᠭᠳᠡᠬᠦ᠂ ᠨᠦᠭᠴᠢᠭᠰᠡᠳ ᠤᠨ ᠭᠡᠷ ᠪᠦᠯᠢ ᠶᠢᠨ ᠠᠰᠠᠷᠠᠮᠵᠢ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠵᠠᠷᠤᠯᠭ᠎ᠠ ᠳᠤ ᠬᠡᠷᠡᠭᠯᠡᠨ᠎ᠡ᠃ ᠪᠡᠯᠡᠳᠬᠡᠯ ᠵᠠᠷᠤᠳᠠᠯ 10,000 ᠲᠦᠮᠡᠨ ᠲᠥᠭᠦᠷᠢᠭ᠂ ︽ᠲᠥᠰᠥᠪ ᠤᠨ ᠬᠠᠤᠯᠢ︾ ᠶᠢᠨ ᠲᠣᠭᠲᠠᠭᠠᠯ ᠶᠣᠰᠣᠭᠠᠷ ᠪᠠᠶᠢᠭᠤᠯᠵᠤ᠂ ᠲᠤᠬᠠᠢ ᠶᠢᠨ ᠵᠢᠯ ᠤᠨ ᠲᠥᠰᠥᠪ ᠢ ᠭᠦᠢᠴᠡᠳᠬᠡᠬᠦ ᠶᠠᠪᠤᠴᠠ ᠳᠠᠬᠢ ᠪᠠᠶᠢᠭᠠᠯᠢ ᠶᠢᠨ ᠭᠠᠢ ᠭᠠᠮᠰᠢᠭ ᠵᠡᠷᠭᠡ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠳᠤ ᠨᠡᠮᠡᠭᠳᠡᠭᠰᠡᠨ ᠵᠠᠷᠤᠯᠭ᠎ᠠ ᠪᠠ ᠤᠷᠢᠳᠴᠢᠯᠠᠨ ᠮᠡᠳᠡᠭᠦ ᠳᠤ ᠪᠡᠷᠬᠡ ᠪᠤᠰᠤᠳ ᠵᠠᠷᠤᠯᠭ᠎ᠠ ᠳᠤ ᠬᠡᠷᠡᠭᠯᠡᠨ᠎ᠡ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ  ᠮᠦᠩᠭᠦᠨ ᠤ ᠲᠥᠰᠥᠪ ︵ᠲᠥᠰᠥᠯ︶      2024 ᠣᠨ ᠳᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠦᠩᠭᠦᠨ ᠤ ᠣᠷᠣᠯᠭ᠎ᠠ ᠨᠡᠶᠢᠳᠡ 47,707 ᠲᠦᠮᠡᠨ ᠲᠥᠭᠦᠷᠢᠭ ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠲᠤᠰ ᠱᠠᠲᠤᠨ ᠤ ᠣᠷᠣᠯᠭ᠎ᠠ 39,987 ᠲᠦᠮᠡᠨ ᠲᠥᠭᠦᠷᠢᠭ᠂ ᠰᠢᠯᠵᠢᠭᠦᠯᠬᠦ ᠴᠢᠨᠠᠷᠲᠠᠢ ᠣᠷᠣᠯᠭ᠎ᠠ 739 ᠲᠦᠮᠡᠨ ᠲᠥᠭᠦᠷᠢᠭ᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠬᠦ  ᠣᠷᠣᠯᠭ᠎ᠠ 6,981  ᠲᠦᠮᠡᠨ  ᠲᠥᠭᠦᠷᠢᠭ  ᠬᠦᠷᠬᠦ  ᠪᠣᠯᠣᠨ᠎ᠠ᠃      2024 ᠣᠨ ᠳᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠡᠶᠢᠳᠡ 47,707 ᠲᠦᠮᠡᠨ ᠲᠥᠭᠦᠷᠢᠭ ᠂ ᠡᠭᠦᠨ ᠳᠤ᠄ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠲᠤᠰ ᠱᠠᠲᠤᠨ ᠤ ᠵᠠᠷᠤᠯᠭ᠎ᠠ 18,220 ᠲᠦᠮᠡᠨ ᠲᠥᠭᠦᠷᠢᠭ᠂ ᠰᠢᠯᠵᠢᠭᠦᠯᠦᠨ ᠭᠠᠷᠠᠭᠠᠬᠤ ᠪᠡᠯᠡ ᠮᠥᠩᠭᠦ 29,487 ᠲᠦᠮᠡᠨ ᠲᠥᠭᠦᠷᠢᠭ ᠬᠦᠷᠬᠦ ᠪᠣᠯᠣᠨ᠎ᠠ᠃      ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ︵ᠲᠥᠰᠥᠯ︶      2024 ᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠣᠷᠣᠯᠭ᠎ᠠ ᠨᠡᠶᠢᠲᠡ 83,473 ᠲᠦᠮᠡᠨ ᠲᠥᠭᠦᠷᠢᠭ ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰ ᠱᠠᠲᠤᠨ ᠤ ᠣᠷᠣᠯᠭ᠎ᠠ 51,442 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 31,607 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠰᠢᠯᠵᠢᠭᠦᠯᠦᠨ ᠦᠭᠬᠦ ᠣᠷᠣᠯᠭ᠎ᠠ 424 ᠲᠦᠮᠡᠨ ᠲᠥᠭᠦᠷᠢᠭ ᠬᠦᠷᠬᠦ ᠪᠣᠯᠣᠨ᠎ᠠ᠃      2024 ᠣᠨ ᠳᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠵᠠᠷᠤᠯᠭ᠎ᠠ ᠨᠡᠶᠢᠲᠡ 83,473 ᠲᠦᠮᠡᠨ ᠲᠥᠭᠦᠷᠢᠭ ᠂ ᠡᠭᠦᠨ ᠳᠤ᠄ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠤᠰ ᠱᠠᠲᠤᠨ ᠤ ᠵᠠᠷᠤᠯᠭ᠎ᠠ 46,832 ᠲᠦᠮᠡᠨ ᠲᠥᠭᠦᠷᠢᠭ᠂ ᠵᠢᠯ ᠤᠨ ᠡᠴᠦᠰ ᠤᠨ ᠦᠯᠡᠳᠡᠪᠦᠷᠢ 36,628 ᠲᠦᠮᠡᠨ ᠲᠥᠭᠦᠷᠢᠭ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠰᠢᠯᠵᠢᠭᠦᠯᠬᠦ ᠵᠠᠷᠤᠯᠭ᠎ᠠ 13 ᠲᠦᠮᠡᠨ ᠲᠥᠭᠦᠷᠢᠭ ᠬᠦᠷᠬᠦ ᠪᠣᠯᠣᠨ᠎ᠠ᠃      ︵ᠳᠥᠷᠪᠡ︶ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ︵ᠲᠥᠰᠥᠯ︶      2024 ᠣᠨ ᠤ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠣᠷᠣᠯᠭ᠎ᠠ ᠨᠡᠶᠢᠳᠡ 81,214 ᠲᠦᠮᠡᠨ ᠲᠥᠭᠦᠷᠢᠭ᠂ ᠡᠭᠦᠨ ᠳᠤ᠄ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠤᠰ ᠱᠠᠲᠤᠨ ᠤ ᠣᠷᠣᠯᠭ᠎ᠠ 81,200 ᠲᠦᠮᠡᠨ ᠲᠥᠭᠦᠷᠢᠭ᠂ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠰᠢᠯᠵᠢᠯᠲᠡ ᠶᠢᠨ ᠴᠢᠨᠠᠷᠲᠠᠢ ᠣᠷᠣᠯᠭ᠎ᠠ 7 ᠲᠦᠮᠡᠨ ᠲᠥᠭᠦᠷᠢᠭ᠂  ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠬᠦ ᠣᠷᠣᠯᠭ᠎ᠠ 7 ᠲᠦᠮᠡᠨ ᠲᠥᠭᠦᠷᠢᠭ ᠬᠦᠷᠬᠦ ᠪᠣᠯᠣᠨ᠎ᠠ᠃      2024 ᠣᠨ ᠳᠤ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠵᠠᠷᠤᠯᠭ᠎ᠠ ᠨᠡᠶᠢᠳᠠ 81,214 ᠲᠦᠮᠡᠨ ᠲᠥᠭᠦᠷᠢᠭ ᠂ ᠡᠭᠦᠨ ᠳᠤ᠄ ᠤᠯᠤᠰ ᠤᠨ ᠦᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠲᠤᠰ ᠱᠠᠲᠤᠨ ᠤ ᠵᠠᠷᠤᠯᠭ᠎ᠠ 1,214 ᠲᠦᠮᠡᠨ ᠲᠥᠭᠦᠷᠢᠭ᠂ ᠰᠢᠯᠵᠢᠭᠦᠯᠦᠨ ᠭᠠᠷᠭᠠᠬᠤ ᠪᠡᠯᠡ ᠮᠥᠩᠭᠦ 80,000 ᠲᠦᠮᠡᠨ ᠲᠥᠭᠦᠷᠢᠭ ᠬᠦᠷᠬᠦ ᠪᠣᠯᠣᠨ᠎ᠠ᠃      ︵ᠲᠠᠪᠤ︶ 2024 ᠣᠨ ᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠠᠵᠢᠯ      1. ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠳ᠋  ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠨᠢᠭᠡ ᠳᠤ ᠪᠦᠲᠦᠴᠡ ᠶᠢᠨ ᠴᠢᠨᠠᠷᠲᠠᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠤ ᠴᠢᠨᠠᠷ ᠪᠠ ᠬᠠᠨᠳᠤᠯᠭᠠᠲᠤ ᠴᠢᠨᠠᠷ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠳᠤᠯᠢᠭ ᠬᠦᠴᠦᠨ ᠢ ᠨᠡᠩ ᠰᠠᠶᠢᠨ ᠬᠥᠭᠵᠢᠭᠡᠨ᠎ᠡ᠃ ᠬᠤᠶᠠᠷ ᠲᠤ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠠᠬᠢᠭᠤᠯᠵᠤ᠂ ᠲᠥᠰᠥᠪ ᠤᠨ ᠬᠠᠮᠢᠶᠠᠷᠤᠯᠲᠠ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠵᠦ᠂ ᠨᠡᠮᠡᠭᠳᠡᠯ ᠪᠡᠯᠡ ᠮᠥᠩᠭᠦ ᠬᠢᠭᠡᠳ ᠦᠯᠡᠳᠡᠭᠡᠯ ᠪᠡᠯᠡ ᠮᠥᠩᠭᠦ᠂ ᠡᠳ᠋ ᠤᠨ ᠵᠠᠰᠠᠭ ᠠᠴᠠ ᠰᠠᠯᠭᠠᠨ ᠦᠭᠬᠦ ᠣᠷᠣᠯᠭ᠎ᠠ ᠬᠢᠭᠡᠳ ᠡᠳ᠋ ᠤᠨ ᠵᠠᠰᠠᠭ ᠤᠨ ᠪᠤᠰᠤ ᠰᠠᠯᠭᠠᠨ ᠦᠭᠬᠦ ᠣᠷᠣᠯᠭ᠎ᠠ ᠶᠢ ᠨᠢᠭᠡᠳᠦᠯᠲᠡᠢ ᠲᠥᠯᠥᠪᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠷᠪᠠ ᠳᠤ ᠳᠡᠭᠡᠳᠦ ᠱᠠᠲᠤᠨ ᠤ ᠡᠳ᠋ ᠤᠨ ᠬᠦᠴᠦᠨ ᠢ ᠢᠳᠡᠪᠬᠢᠯᠡᠨ ᠲᠡᠮᠡᠴᠡᠨ ᠣᠯᠣᠨ᠎ᠠ᠃ ᠳᠡᠭᠡᠳᠦ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠯᠦᠭᠡ ᠨᠡᠪᠲᠡᠷᠡᠯᠴᠡᠨ ᠵᠣᠯᠭᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠢᠯᠠᠩᠭᠤᠶ᠎ᠠ ᠥᠷᠢ ᠥᠭᠴᠡᠭᠡ ᠶᠢ ᠠᠷᠢᠯᠭᠠᠬᠤ ᠱᠠᠩᠨᠠᠯ ᠤᠨ ᠪᠡᠯᠡ ᠮᠥᠩᠭᠦ ᠵᠢᠴᠢ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠲᠡᠮᠡᠴᠡᠨ ᠣᠯᠣᠨ᠎ᠠ᠃ ᠳᠥᠷᠪᠡ ᠳᠤ᠂ ᠦᠯᠡᠳᠡᠭᠡᠯ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠠᠮᠢᠳᠣᠯᠢᠭᠵᠢᠭᠤᠯᠣᠨ᠎ᠠ᠃ ᠬᠤᠭᠤᠴᠠᠭ᠎ᠠ ᠬᠢᠵᠠᠭᠠᠷᠯᠠᠨ ᠬᠡᠷᠡᠭᠯᠡᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠴᠡᠭᠴᠡᠯᠡᠨ ᠵᠠᠰᠠᠬᠤ᠂ ᠬᠤᠭᠤᠴᠠᠭ᠎ᠠ ᠠᠴᠠ ᠬᠡᠲᠦᠷᠡᠭᠰᠡᠨ ᠢ ᠬᠤᠷᠢᠶᠠᠨ ᠠᠪᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠭᠠᠨ᠂ ᠲᠦᠷᠦᠯ ᠬᠤᠪᠢᠶᠠᠨ ᠰᠢᠢᠳᠪᠦᠷᠢᠯᠡᠵᠦ᠂ ᠪᠡᠯᠡ ᠮᠥᠩᠭᠦ ᠶᠢᠨ ᠦᠯᠡᠳᠡᠪᠦᠷᠢ ᠶᠢ ᠳ᠋ᠦᠩᠨᠡᠨ ᠰᠢᠯᠵᠢᠭᠦᠯᠬᠦ ᠬᠡᠪᠴᠢᠶ᠎ᠡ ᠶᠢ ᠦᠨᠡᠨ ᠬᠦ ᠪᠠᠭᠠᠰᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠴᠢᠩᠭᠠᠳᠬᠠᠵᠤ᠂ ᠡᠳ᠋ ᠤᠨ ᠵᠠᠰᠠᠭ ᠤᠨ ᠦᠯᠡᠳᠡᠭᠡᠯ ᠪᠡᠯᠡ ᠮᠥᠩᠭᠦ ᠶᠢ ᠬᠦᠴᠦ ᠲᠠᠯᠪᠢᠨ ᠠᠮᠢᠳᠣᠯᠢᠭᠵᠢᠭᠤᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      2. ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠴᠢᠬᠤᠯᠠ ᠶᠡᠭᠡ ᠪᠠᠶᠢᠷᠢᠯᠠᠭᠤᠯᠤᠯᠲᠠ ᠶᠢ ᠤᠷᠤᠭᠰᠢᠲᠠᠢ ᠠᠬᠢᠭᠤᠯᠬᠤ ᠳᠤ ᠬᠦᠴᠦᠨ ᠨᠡᠮᠡᠷᠢᠯᠡᠨ᠎ᠡ᠃ ᠨᠢᠭᠡ ᠳᠤ ᠠᠷᠪᠢᠯᠠᠨ ᠭᠠᠮᠨᠠᠬᠤ ᠶᠢ ᠡᠷᠬᠢᠮᠯᠡᠵᠦ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠦᠷᠭᠦᠯᠵᠢᠯᠡᠨ ᠭᠤᠶᠢᠪᠢᠰᠢ ᠦᠭᠡᠢ ᠪᠠᠷᠢᠮᠲᠠᠯᠠᠨ᠎ᠠ᠃ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠪᠠᠭᠤᠷᠠᠭᠤᠯᠤᠨ᠂ ᠡᠯ᠎ᠡ ᠲᠦᠷᠦᠯ ᠤᠨ ᠪᠡᠯᠡ ᠮᠥᠩᠭᠦ ᠶᠢ ᠴᠤᠭᠯᠠᠭᠤᠯᠤᠨ ᠭᠤᠣᠯᠳᠠᠯᠭ᠎ᠠ ᠲᠠᠢ ᠵᠦᠢᠯᠡᠰ ᠢ ᠪᠠᠲᠤᠯᠠᠨ᠎ᠠ᠃ ᠬᠤᠶᠠᠷ ᠲᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠱᠠᠲᠤᠨ ᠤ ᠠᠷᠠᠳ ᠤᠨ ᠠᠮᠢᠳᠤᠷᠠᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠤᠨ ᠪᠠᠲᠤᠯᠠᠭ᠎ᠠ ᠶᠢᠨ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ︽ᠭᠤᠷᠪᠠ ᠶᠢ ᠪᠠᠲᠤᠯᠠᠬᠤ︾ ᠶᠢᠨ ᠲᠥᠰᠥᠪ ᠢ ᠬᠡᠷᠡᠭᠵᠢᠭᠦᠯᠬᠦ ᠬᠢᠵᠠᠭᠠᠷᠯᠠᠯ ᠢ ᠴᠢᠩᠭᠠᠷᠠᠭᠤᠯᠵᠤ᠂ ︽ᠭᠤᠷᠪᠠ ᠶᠢ ᠪᠠᠲᠤᠯᠠᠬᠤ︾ ᠶᠢᠨ ᠠᠵᠢᠯᠯᠠᠭᠠᠨ ᠢ ᠵᠠᠳᠠᠯᠤᠨ ᠲᠣᠬᠢᠷᠠᠭᠤᠯᠬᠤ ᠶᠢ ᠴᠢᠩᠭᠠᠳᠬᠠᠨ᠂ ᠪᠡᠯᠡ ᠮᠥᠩᠭᠦ ᠶᠢ ᠬᠡᠮᠵᠢᠨ ᠪᠤᠳᠤᠬᠤ ᠶᠢ ᠤᠷᠢᠳᠴᠢᠯᠠᠨ ᠰᠠᠶᠢᠲᠤᠷ ᠬᠢᠵᠦ᠂ ᠦᠨᠳᠦᠰᠦᠨ ᠠᠷᠠᠳ ᠤᠨ ᠠᠮᠢᠳᠤᠷᠠᠯ ᠢ ᠬᠦᠴᠦᠲᠡᠢ ᠪᠠᠲᠤᠯᠠᠬᠤ᠂ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ᠂ ᠪᠠᠶᠢᠭᠤᠯᠤᠮᠵᠢ ᠶᠢᠨ ᠬᠡᠪ ᠤᠨ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠭᠤᠷᠪᠠ ᠳᠤ ᠰᠢᠭᠤᠳ ᠬᠦᠷᠬᠦ ᠪᠡᠯᠡ ᠮᠥᠩᠭᠦ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃ ᠰᠢᠭᠤᠳ ᠬᠦᠷᠬᠦ ᠪᠡᠯᠡ ᠮᠥᠩᠭᠦ ᠶᠢᠨ ᠵᠠᠷᠤᠯᠭ᠎ᠠ ᠶᠢᠨ ᠪᠣᠭᠤᠮᠲᠠ ᠶᠢ ᠰᠠᠶᠢᠲᠤᠷ ᠡᠵᠡᠮᠳᠡᠵᠦ᠂ ᠪᠣᠳᠠᠲᠠᠢ ᠬᠡᠷᠡᠭᠴᠡᠭᠡ ᠪᠠᠨ ᠦᠨᠳᠦᠰᠦᠯᠡᠨ ᠵᠠᠷᠤᠯᠭ᠎ᠠ ᠶᠢ ᠵᠦᠢ ᠵᠣᠬᠢᠰᠲᠠᠢ ᠲᠣᠬᠢᠷᠠᠭᠤᠯᠤᠨ᠂ ᠰᠢᠭᠤᠳ ᠬᠦᠷᠬᠦ ᠪᠡᠯᠡ ᠮᠥᠩᠭᠦ ᠶᠢ ᠴᠠᠭ ᠲᠤᠬᠠᠢ ᠳᠤᠨᠢ᠂ ᠵᠢᠷᠤᠮᠵᠢᠭᠤᠨ᠂ ᠥᠨᠳᠥᠷ ᠦᠷ᠎ᠡ ᠪᠦᠲᠦᠮᠵᠢᠲᠡᠶ ᠣᠯᠭᠤᠬᠤ ᠶᠢ ᠦᠨᠡᠨᠬᠦ ᠪᠠᠲᠤᠯᠠᠵᠤ᠂ ᠪᠡᠯᠡ ᠮᠥᠩᠭᠦ ᠶᠢ ᠬᠥᠳᠡᠯᠦᠩᠭᠦᠢ ᠬᠢᠨᠠᠨ ᠡᠵᠡᠮᠳᠡᠬᠦ ᠶᠢ ᠴᠢᠩᠭᠠᠳᠬᠠᠨ᠂ ᠰᠢᠭᠤᠳ ᠬᠦᠷᠬᠦ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠰᠢᠭᠤᠳ ᠬᠦᠷᠬᠦ ᠪᠡᠯᠡ ᠮᠥᠩᠭᠦ ᠶᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠤᠨ᠎ᠠ᠃      3. ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠡᠳ᠋ ᠤᠨ ᠵᠠᠰᠠᠭ ᠤᠨ ᠡᠷᠡᠭᠦᠯ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ ᠨᠢᠭᠡ ᠳᠤ᠂ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠳᠦᠷᠢᠮ ᠪᠣᠯᠣᠨ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠰᠥᠪ ᠤᠨ      ᠬᠠᠮᠢᠶᠠᠷᠤᠯᠲᠠ᠂ ᠬᠢᠵᠠᠭᠠᠷᠯᠠᠬᠤ ᠲᠤᠭ᠎ᠠ ᠶᠢᠨ ᠬᠠᠮᠢᠶᠠᠷᠤᠯᠲᠠ᠂ ᠲᠦᠭᠰᠢᠭᠦᠷᠢ ᠶᠢᠨ ᠬᠠᠮᠢᠶᠠᠷᠤᠯᠲᠠ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠷᠢ ᠥᠭᠴᠡᠭᠡ ᠶᠢ ᠬᠠᠮᠢᠶᠠᠷᠴᠤ ᠡᠵᠡᠮᠳᠡᠬᠦ ᠠᠵᠢᠯ ᠢ ᠡᠷᠴᠢᠮᠲᠡᠢ ᠬᠢᠨ᠎ᠡ᠃ᠬᠤᠶᠠᠷ ᠲᠤ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ ᠲᠠᠢ ᠨᠡᠪᠲᠡᠷᠡᠯᠴᠡᠨ ᠵᠣᠬᠢᠴᠠᠭᠤᠯᠬᠤ ᠶᠢ ᠪᠠᠲᠤᠯᠠᠵᠤ᠂ ᠥᠷᠢ ᠥᠭᠴᠡᠭᠡ ᠶᠢᠨ ᠨᠣᠷᠮ᠎ᠠ ᠪᠠ ᠲᠦᠭᠰᠢᠭᠦᠷᠢ ᠶᠢᠨ ᠲᠠᠰ ᠢ ᠲᠣᠭᠲᠠᠮᠠᠯ ᠬᠤᠭᠤᠴᠠᠭ᠎ᠠ ᠲᠠᠢ ᠪᠠᠷ ᠬᠡᠮᠵᠢᠨ ᠪᠤᠳᠤᠵᠤ᠂ ᠦᠯᠡᠳᠡᠭᠡᠯ ᠥᠷᠢ ᠥᠭᠴᠡᠭᠡ ᠶᠢ ᠯᠠᠪᠳᠠᠭᠤᠨ ᠲᠣᠭᠲᠠᠭᠤᠨ ᠢᠶᠠᠷ ᠰᠢᠢᠳᠪᠦᠷᠢᠯᠡᠨ᠂ ᠡᠳ᠋ ᠤᠨ ᠵᠠᠰᠠᠭ ᠤᠨ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠵᠦ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃      4. ᠲᠥᠰᠥᠪ ᠢ ᠭᠦᠢᠴᠡᠳᠬᠡᠬᠦ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠢᠭᠡ ᠳᠤ ︽ᠲᠥᠰᠥᠪ ᠤᠨ      ᠬᠠᠤᠯᠢ︾ ︽ᠲᠥᠰᠥᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠳᠦᠷᠢᠮ ᠤᠨ ᠵᠢᠷᠤᠮᠵᠢᠯ ᠢ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠵᠤ᠂ ᠰᠢᠰᠲ᠋ᠧᠮᠵᠢᠭᠦᠯᠦᠭᠰᠡᠨ ᠰᠡᠳᠬᠢᠬᠦᠢ ᠶᠢᠨ ᠪᠦᠬᠦ ᠶᠠᠪᠤᠴᠠ ᠪᠠᠷ ᠲᠥᠰᠥᠪ ᠤᠨ ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢᠨ ᠲᠤᠬᠠᠶᠢᠯᠠᠭᠰᠠᠨ ᠠᠵᠢᠯ ᠤᠨ ᠵᠢᠷᠤᠮᠵᠢᠯ ᠢ ᠡᠮᠬᠢᠯᠡᠨ ᠨᠡᠶᠢᠯᠡᠭᠦᠯᠵᠦ᠂ ᠳᠦᠷᠢᠮ ᠢ ᠰᠢᠰᠲ᠋ᠧᠮ ᠳᠤ ᠰᠢᠭᠢᠳᠬᠡᠨ ᠣᠷᠣᠭᠤᠯᠬᠤ ᠪᠠᠷ ᠳᠠᠮᠵᠢᠭᠤᠯᠤᠨ ᠳᠦᠷᠢᠮ ᠤᠨ ᠬᠡᠷᠡᠭᠵᠢᠭᠦᠯᠬᠦ ᠬᠦᠴᠦᠨ ᠢ ᠴᠢᠩᠭᠠᠳᠬᠠᠵᠤ᠂  ᠪᠠᠷᠢᠮᠵᠢᠶᠠᠵᠢᠭᠰᠠᠨ ᠰᠢᠨᠵᠢᠯᠡᠬᠦ ᠤᠬᠠᠭᠠᠨᠴᠢ᠂ ᠵᠢᠷᠣᠮᠵᠢᠭᠰᠠᠨ ᠢᠯᠡ ᠲᠣᠳᠣ᠂ ᠬᠢᠵᠠᠭᠠᠷᠯᠠᠯ ᠨᠢ ᠬᠦᠴᠦᠲᠡᠢ ᠲᠥᠰᠥᠪ ᠤᠨ ᠳᠦᠷᠢᠮ ᠢ ᠲᠡᠭᠦᠯᠳᠡᠷᠵᠢᠭᠦᠯᠬᠦ ᠳᠤ ᠰᠠᠭᠤᠷᠢ ᠪᠠᠲᠤᠯᠠᠭ᠎ᠠ ᠬᠠᠩᠭᠠᠵᠤ᠂ ︽ᠵᠢᠷᠣᠮᠵᠢᠭᠰᠠᠨ᠂ ᠠᠮᠤᠷ ᠲᠦᠪᠰᠢᠨ᠂ ᠥᠨᠳᠥᠷ ᠪᠦᠲᠦᠮᠵᠢᠲᠡᠶ︾ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ᠃ ᠬᠤᠶᠠᠷ ᠲᠤ ᠲᠥᠰᠥᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠵᠠᠷᠤᠯᠭ᠎ᠠ ᠶᠢᠨ ᠦᠷ᠎ᠡ ᠪᠦᠲᠦᠮᠵᠢ ᠶᠢᠨ ᠦᠨᠡᠯᠡᠯᠲᠡ ᠶᠢ ᠦᠷᠭᠦᠯᠵᠢᠯᠡᠨ ᠠᠬᠢᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠪᠡᠯᠡ ᠮᠥᠩᠭᠦ ᠶᠢ ᠮᠥᠷᠳᠡᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠪᠦᠷᠢᠲᠦ ᠪᠣᠳᠣᠯᠭ᠎ᠠ ᠶᠢᠨ ᠮᠡᠳᠡᠭᠡ ᠵᠠᠩᠭᠢ ᠶᠢᠨ ᠬᠠᠷᠢᠭᠤ ᠲᠤᠰᠬᠠᠬᠤ ᠦᠢᠯᠡᠳᠦᠯ ᠢ ᠪᠡᠶᠡᠯᠡᠭᠦᠯᠦᠨ᠎ᠡ᠃ ᠭᠤᠷᠪᠠ ᠳᠤ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠶᠢ ᠭᠦᠨᠵᠡᠭᠡᠢ ᠨᠠᠶᠢᠳᠠᠪᠣᠷᠢᠵᠢᠭᠤᠯᠣᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠣᠨ᠎ᠠ᠃ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠰᠠᠭᠤᠳᠠᠯ ᠤᠨ ᠰᠢᠯᠲᠠᠭᠠᠨ ᠢ ᠡᠬᠢ ᠡᠭᠦᠰᠦᠯ ᠠᠴᠠ ᠨᠢ ᠵᠠᠳᠠᠯᠬᠤ ᠶᠢ ᠴᠢᠬᠤᠯᠠᠴᠢᠯᠠᠵᠤ᠂ ᠲᠣᠭᠤᠷᠢᠨ ᠪᠠᠶᠢᠴᠠᠭᠠᠵᠤ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠤᠨ ᠨᠢᠭᠡ ᠠᠴᠠ ᠵᠦᠢᠴᠢᠯᠡᠵᠦ ᠨᠦᠬᠦᠭᠡ ᠶᠢ ᠮᠦᠷᠳᠡᠬᠦ᠂ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠦᠷᠢᠮ ᠢᠶᠠᠷ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠲᠤᠯᠠᠨ᠎ᠠ᠃ ᠳᠥᠷᠪᠡ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠬᠤᠳᠠᠯᠳᠤᠨ ᠠᠪᠬᠤ ᠶᠠᠪᠤᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢ ᠲᠦᠷᠭᠡᠳᠬᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠠᠤᠯᠢ ᠴᠠᠭᠠᠵᠠ ᠶᠢᠨ ᠳᠦᠷᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠢᠨᠠᠨ ᠬᠠᠮᠢᠶᠠᠷᠤᠯᠳᠠ ᠪᠠ ᠬᠡᠷᠡᠭᠵᠢᠬᠦᠯᠦᠯᠳᠡ ᠶᠢᠨ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠰᠢᠰᠲ᠋ᠧᠮ ᠢ ᠪᠠᠶᠢᠭᠤᠯᠤᠨ᠎ᠠ᠃ ᠲᠠᠪᠤ ᠳᠤ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠣᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠪᠣᠯᠪᠠᠰᠣᠷᠠᠭᠤᠯᠣᠯ ᠢ ᠴᠢᠩᠭᠠᠳᠬᠠᠨ᠎ᠠ᠃ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠ ᠲᠤᠬᠠᠶᠢᠯᠠᠭᠰᠠᠨ ᠠᠵᠢᠯ ᠤᠨ ᠬᠦᠮᠦᠰ ᠢ ᠵᠣᠬᠢᠶᠠᠨ ᠪᠠᠶᠢᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠳᠦᠷ ᠲᠤᠲᠤᠮ ᠤᠨ ᠬᠠᠮᠢᠶᠠᠷᠤᠯᠲᠠ᠂ ᠠᠷᠠᠴᠢᠯᠠᠨ ᠬᠠᠮᠠᠭᠠᠯᠠᠯᠲᠠ᠂ ᠬᠡᠷᠡᠭᠯᠡᠯᠲᠡ ᠵᠢᠴᠢ ᠰᠢᠢᠳᠪᠦᠷᠢᠯᠡᠯᠲᠡ ᠵᠡᠷᠭᠡ ᠬᠠᠮᠢᠶ᠎ᠠ ᠪᠦᠬᠦᠢ ᠮᠡᠳᠡᠯᠭᠡ ᠶᠢ ᠭᠤᠣᠯᠳᠠᠯᠭ᠎ᠠ ᠲᠠᠢ ᠴᠢᠩᠭᠠᠳᠬᠠᠵᠤ᠂ ᠡᠯ᠎ᠡ ᠰᠠᠯᠠᠭ᠎ᠠ      ᠮᠥᠴᠢᠷ᠂ ᠡᠯ᠎ᠡ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃      2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠠᠶᠢᠵᠦ ᠡᠳ᠋ ᠤᠨ ᠵᠠᠰᠠᠭ ᠠᠵᠤ ᠠᠬᠤᠢ ᠶᠢᠨ ᠠᠵᠢᠯ ᠢ ᠰᠠᠶᠢᠲᠤᠷ ᠪᠡᠶᠡᠯᠡᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠬᠤ ᠳᠤ ᠦᠢᠯᠡᠴᠢᠯᠡᠨ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠵᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠡᠳ᠋ ᠤᠨ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠨᠠᠩ ᠢᠯᠡᠭᠦᠦ ᠬᠦᠴᠦᠯᠡᠨ ᠴᠢᠷᠮᠠᠶᠢᠬᠤ ᠵᠣᠷᠢᠭ ᠰᠠᠨᠠᠭ᠎ᠠ᠂ ᠨᠠᠩ ᠪᠣᠳᠠᠲᠠᠢ ᠶᠢ ᠡᠷᠬᠢᠮᠯᠡᠨ ᠤᠷᠤᠭᠰᠢᠯᠠᠨ ᠳᠠᠪᠰᠢᠬᠤ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ  ᠪᠡᠶᠡᠯᠡᠭᠦᠯᠵᠦ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠬᠦᠴᠦᠯᠡᠨ ᠴᠢᠷᠮᠠᠶᠢᠨ᠎ᠠ᠃
 
ᠢᠷᠡᠯᠲᠡ᠄ ᠠᠷᠤ ᠬᠤᠷᠴᠢᠨ ᠬᠤᠰᠢᠭᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号