ᠠᠷᠤ ᠬᠤᠷᠴᠢᠨ ᠬᠤᠰᠢᠭᠤᠨ ᠤ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠶᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/13
      ᠪᠥᠬᠦ ᠬᠤᠰᠢᠭᠤᠨ ᠤ ᠣᠢ ᠶᠢᠨ ᠬᠤᠷᠮᠣᠢ ᠶᠢᠨ ᠠᠵᠤ ᠠᠬᠤᠢ ᠶᠢᠨ ᠬᠥᠭᠵᠢᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠶᠢᠳᠤ ᠭᠠᠵᠠᠷ ᠤᠨ ᠡᠬᠢ ᠪᠠᠶᠠᠯᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠲᠠᠷᠢᠶᠠᠯᠠᠬᠤ ᠶᠢ ᠵᠣᠭᠰᠣᠭᠠᠵᠤ ᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠳᠦᠷᠢᠮ︾᠂ ︽ᠪᠥᠬᠦ ᠤᠯᠤᠰ ᠤᠨ ᠣᠢ ᠶᠢᠨ ᠬᠤᠷᠮᠣᠢ ᠶᠢᠨ ᠠᠵᠤ ᠠᠬᠤᠢ ᠶᠢᠨ ᠬᠥᠭᠵᠢᠯᠲᠡ ᠶᠢᠨ ᠵᠥᠭᠯᠡᠭᠦᠷ︾᠂ ︽ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠡᠲᠦᠭᠡ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠠᠷᠤ ᠬᠤᠷᠴᠢᠨ ᠬᠤᠰᠢᠭᠤᠨ ᠤ ᠬᠡᠪᠴᠢᠶᠡᠨ ᠳᠤ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠳᠤ ᠡᠷᠬᠡᠪᠰᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠮᠡᠷᠭᠡᠵᠢᠯ ᠤᠨ ᠳᠦᠷᠢᠮ ᠲᠣᠭᠲᠠᠭᠠᠯ ᠳᠤ ᠨᠡᠶᠢᠴᠠᠵᠦ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠢᠶᠠᠷ ᠭᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠬᠤ ᠶᠢᠨ ᠬᠠᠮᠲᠤ᠂ ᠬᠤᠰᠢᠭᠤᠨ ᠣᠢ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠬᠤᠶᠠᠷ᠂ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠳᠡᠭᠡᠷ᠎ᠡ ᠨᠢᠭᠡ ᠵᠢᠯ ᠤᠨ ᠬᠤᠪᠢᠷᠠᠯᠲᠠ ᠶᠢᠨ ᠦᠷ᠎ᠡ ᠪᠦᠲᠦᠭᠡᠯ ᠳᠠᠬᠢ ᠤᠶᠢᠲᠤ ᠭᠠᠵᠠᠷ ᠪᠠᠶᠢᠵᠤ᠂ ᠮᠠᠷᠭᠤᠭᠠᠨ ᠦᠭᠡᠢ ᠮᠥᠷᠲᠡᠭᠡᠨ ᠬᠢᠨᠠᠨ ᠰᠢᠯᠭᠠᠯᠲᠠ ᠳᠤ ᠬᠢᠷᠢ ᠬᠦᠷᠴᠦ ᠨᠢᠭᠡᠨᠲᠡ ᠣᠢ ᠰᠢᠭᠤᠢ ᠶᠢᠨ ᠬᠠᠮᠢᠶᠠᠷᠤᠯᠲᠠ ᠳᠤ ᠣᠷᠣᠭᠤᠯᠤᠭᠰᠠᠨ ᠲᠠᠷᠢᠮᠠᠯ ᠣᠢ ᠨᠢ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ ᠪᠣᠯᠣᠨ᠎ᠠ᠃ ᠡᠭᠦᠨ ᠳᠤ᠄      ᠲᠠᠷᠢᠮᠠᠯ ᠲᠠᠸᠠᠷ ᠤᠨ ᠣᠢ᠄ ᠵᠢᠵᠢᠭ ᠲᠠᠯᠪᠠᠶᠢᠲᠤ ᠭᠠᠵᠠᠷ ᠢᠶᠠᠷ ᠨᠢᠭᠡᠴᠢ ᠪᠣᠯᠭᠠᠵᠤ᠂ ᠬᠡᠷᠡᠭᠰᠡᠯ ᠤᠨ ᠣᠢ ᠶᠢᠨ ᠬᠠᠲᠠᠭᠠᠯᠠᠯᠲᠠ ᠶᠢᠨ ᠨᠣᠷᠮ᠎ᠠ ᠨᠢ 65% ︵ᠡᠳᠡᠭᠡᠷᠡᠯᠲᠡ ᠶᠢᠨ ᠨᠣᠷᠮ᠎ᠠ ᠨᠢ 70% ᠠᠴᠠ︶ ᠠᠴᠠ ᠳᠡᠭᠡᠭᠰᠢ᠂ ᠠᠵᠤ ᠠᠬᠤᠢ ᠶᠢᠨ ᠣᠢ ᠶᠢᠨ ᠬᠠᠲᠠᠭᠠᠯᠠᠯᠲᠠ ᠶᠢᠨ ᠨᠣᠷᠮ᠎ᠠ ︵ᠡᠲᠡᠭᠡᠷᠡᠯᠲᠡ ᠶᠢᠨ ᠨᠣᠷᠮ᠎ᠠ  ︶ ᠨᠢ 85 % ᠠᠴᠠ ᠳᠡᠭᠡᠭᠰᠢ ᠪᠠᠶᠢᠪᠠᠯ ᠰᠠᠶ᠋ᠢ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ ᠪᠣᠯᠣᠨ᠎ᠠ᠃ ᠡᠮᠲᠦ ᠤᠷᠭᠤᠮᠠᠯ  ᠤᠨ ᠣᠢ᠂ ᠡᠪᠡᠰᠦᠲᠦ ᠣᠢ᠂ ᠮᠥᠬᠦ ᠶᠢᠨ ᠣᠢ ᠵᠡᠷᠭᠡ ᠵᠠᠭᠪᠤᠷ ᠢ ᠬᠥᠭᠵᠢᠭᠦᠯᠬᠦ ᠶᠢ ᠰᠠᠨᠠᠭᠠᠴᠢᠯᠠᠵᠤ᠂ ᠣᠢ ᠶᠢᠨ ᠬᠤᠭᠤᠷᠣᠨᠳᠤ ᠪᠤᠷᠴᠠᠭ ᠤᠨ ᠳᠥᠷᠦᠯ ᠵᠡᠷᠭᠡ ᠪᠣᠭᠤᠨᠢ ᠡᠰᠢᠲᠦ ᠲᠠᠷᠢᠮᠠᠯ ︵ᠭᠤᠣᠷᠰᠤ ᠦᠭᠡᠢ ᠲᠠᠷᠢᠮᠠᠯ ᠪᠠᠭᠲᠠᠬᠤ ᠦᠭᠡᠢ︶ ᠢ ᠠᠯᠠᠭᠯᠠᠨ ᠲᠠᠷᠢᠵᠤ ᠪᠣᠯᠬᠤ ᠪᠥᠭᠡᠳ ᠪᠤᠰᠤᠳ ᠠᠮᠤ ᠪᠤᠳᠠᠭᠠᠨ ᠤ ᠳᠥᠷᠦᠯ ᠤᠨ ᠤᠷᠭᠤᠮᠠᠯ ᠤᠨ ᠣᠢ  ᠶᠢᠨ ᠵᠠᠭᠪᠤᠷ ᠢ ᠬᠥᠭᠵᠢᠭᠦᠯᠬᠦ ᠶᠢ ᠴᠢᠩᠭ᠎ᠠ ᠴᠠᠭᠠᠵᠠᠯᠠᠨ᠎ᠠ᠃ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠄ ᠵᠢᠵᠢᠭ ᠲᠠᠯᠡᠪᠠᠶᠢᠲᠤ ᠭᠠᠵᠠᠷ ᠢᠶᠠᠷ ᠨᠢᠭᠡᠴᠢ ᠪᠣᠯᠭᠠᠵᠤ᠂ ᠬᠠᠲᠠᠭᠠᠯᠠᠯᠲᠠ ᠶᠢᠨ ᠨᠣᠷᠮ᠎ᠠ ᠨᠢ 65% ︵ᠡᠲᠡᠭᠡᠷᠡᠯᠲᠡ‌‍ᠶᠢᠨ ᠨᠣᠷᠮ᠎ᠠ ᠨᠢ 70%︶ ᠠᠴᠠ ᠳᠡᠭᠡᠭᠰᠢ ᠪᠠᠶᠢᠪᠠᠯ ᠰᠠᠶ᠋ᠢ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠵᠦ ᠪᠣᠯᠣᠨ᠎ᠠ᠃ ᠡᠮᠲᠦ ᠤᠷᠭᠤᠮᠠᠯ  ᠤᠨ ᠣᠢ᠂ ᠡᠪᠡᠰᠦᠲᠦ ᠣᠢ᠂ ᠮᠥᠬᠦ ᠶᠢᠨ ᠣᠢ ᠵᠡᠷᠭᠡ ᠵᠠᠬᠪᠤᠷ ᠢ ᠬᠥᠭᠵᠢᠭᠦᠯᠵᠦ᠂ ᠣᠢ ᠶᠢᠨ ᠬᠤᠭᠤᠷᠣᠨᠳᠤ ᠣᠯᠠᠨ ᠨᠠᠰᠤᠲᠤ ᠲᠡᠵᠢᠭᠡᠯ ᠡᠪᠡᠰᠦ᠂ ᠡᠮ ᠤᠨ ᠮᠠᠲ᠋ᠧᠷᠢᠶᠠᠯ ᠵᠡᠷᠭᠡ ᠶᠢ ᠠᠯᠠᠭᠯᠠᠨ ᠲᠠᠷᠢᠬᠤ ᠶᠢ ᠵᠥᠪᠰᠢᠶᠡᠷᠡᠵᠦ᠂ ᠣᠢ ᠶᠢᠨ ᠬᠤᠭᠤᠷᠣᠨᠳᠤ ᠨᠢᠭᠡ ᠨᠠᠰᠤᠲᠤ ᠲᠡᠵᠢᠭᠡᠯ ᠡᠪᠡᠰᠦᠨ ᠤ ᠲᠠᠷᠢᠮᠠᠯ ᠠᠯᠠᠭᠯᠠᠨ ᠲᠠᠷᠢᠬᠤ ᠶᠢ ᠴᠠᠭᠠᠵᠠᠯᠠᠨ᠎ᠠ᠃      ᠭᠤᠷᠪᠠ᠂ ᠳᠣᠣᠷ᠎ᠠ ᠵᠢᠭᠰᠠᠭᠠᠭᠰᠠᠨ ᠤᠶᠢᠲᠤ ᠭᠠᠵᠠᠷ ᠲᠤ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠶᠢ ᠴᠠᠭᠠᠵᠠᠯᠠᠨ᠎ᠠ᠃      1. ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠭᠤᠣᠯ ᠬᠠᠮᠠᠭᠠᠯᠠᠯᠲᠠ ᠶᠢᠨ ᠣᠷᠣᠨ ᠤ ᠳᠣᠲᠣᠷᠠᠬᠢ ᠤᠶᠢᠲᠤ ᠭᠠᠵᠠᠷ᠃      2. ᠤᠯᠤᠰ ᠤᠨ ᠨᠢᠭᠡᠳᠦᠭᠡᠷ ᠲᠠᠰ ᠤᠨ ᠨᠠᠶᠢᠳᠠ ᠶᠢᠨ ᠠᠰᠠᠷᠠᠮᠵᠢ ᠶᠢᠨ ᠣᠢ᠂ ᠨᠢᠭᠡᠳᠦᠭᠡᠷ ᠲᠠᠰ ᠤᠨ ᠬᠠᠮᠠᠭᠠᠯᠠᠯᠲᠠ ᠶᠢᠨ ᠣᠶᠢᠲᠤ ᠭᠠᠵᠠᠷ᠃      3. ᠢᠯᠭᠠᠨ ᠲᠣᠭᠲᠠᠭᠠᠭᠰᠠᠨ ᠪᠠᠶᠢᠭᠠᠯᠢ ᠶᠢᠨ ᠣᠢ ᠶᠢᠨ ᠭᠤᠣᠯᠳᠠᠯᠭ᠎ᠠ ᠲᠠᠢ ᠬᠠᠮᠠᠭᠠᠯᠠᠯᠲᠠ ᠶᠢᠨ ᠣᠷᠣᠨ ᠤ ᠳᠣᠲᠣᠷᠠᠬᠢ ᠤᠶᠢᠲᠤ ᠭᠠᠵᠠᠷ᠃      4. ᠤᠤᠭᠤᠬᠤ ᠤᠰᠤᠨ ᠤ ᠡᠬᠢ ᠰᠣᠷᠪᠤᠯᠵᠢ ᠶᠢᠨ ᠨᠢᠭᠡᠳᠦᠭᠡᠷ ᠳᠡᠰ᠂ ᠬᠤᠶᠠᠳᠤᠭᠠᠷ ᠳᠠᠰ ᠤᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠤᠶᠢᠲᠤ ᠭᠠᠵᠠᠷ᠃      5. ᠬᠤᠪᠣᠷ ᠴᠤᠬᠠᠭ ᠤᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠴᠢᠬᠤᠯᠠ ᠣᠷᠣᠰᠢᠨ ᠠᠮᠢᠳᠤᠷᠠᠬᠤ ︵ᠤᠷᠭᠤᠬᠤ︶ ᠭᠠᠵᠠᠷ ︵ᠠᠮᠢᠳᠤᠷᠠᠯ ᠤᠨ ᠣᠷᠴᠢᠨ︶ ᠵᠢᠴᠢ ᠠᠮᠢᠲᠤ ᠪᠣᠳᠠᠰ ᠤᠨ ᠬᠤᠩᠭᠢᠯ ᠳ᠋ᠬᠢ ᠤᠶᠢᠲᠤ ᠭᠠᠵᠠᠷ᠃      6. ᠮᠣᠳᠣ ᠤᠭᠲᠣᠯᠣᠬᠰᠠᠨ ᠭᠠᠵᠠᠷ᠂ ᠣᠷᠭᠤᠵᠤ ᠬᠦᠢᠴᠡᠭᠡᠳᠦᠢ ᠣᠣᠶᠢᠵᠢᠭᠤᠯᠤᠯᠲᠠ ᠶᠢᠨ ᠭᠠᠵᠠᠷ᠃      ᠳᠥᠷᠪᠡ᠂ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠨᠥᠬᠦᠴᠡᠯ ᠳᠤ ᠨᠡᠶᠢᠢᠴᠡᠭᠰᠡᠨ ᠪᠥᠭᠡᠳ ᠬᠢᠨᠠᠨ ᠵᠥᠪᠰᠢᠶᠡᠷᠡᠭᠦᠯᠦᠭᠰᠡᠨ ᠪᠠᠶᠢᠪᠠᠯ ᠳᠣᠣᠷ᠎ᠠ ᠵᠢᠭᠰᠠᠭᠠᠭᠰᠠᠨ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃      1. ᠭᠠᠵᠠᠷ ᠲᠡᠭᠰᠢᠯᠡᠬᠦ ᠳᠤ ᠭᠥᠪᠡᠭᠡ ᠵᠠᠬ᠎ᠠ ᠶᠢ ᠮᠣᠳᠣᠨ ᠤ ᠡᠰᠢ‌ᠡ᠊ ᠴᠡ 1.0 ᠮᠧᠲᠷ ᠵᠠᠢ ᠠᠴᠠ ᠪᠠᠭ᠎ᠠ ᠪᠠᠶᠢᠯᠭᠠᠵᠤ ᠪᠣᠯᠬᠤ ᠦᠭᠡᠢ᠂ ᠮᠣᠳᠣᠨ ᠤ ᠭᠤᠣ ᠳᠤ ᠬᠤᠭ ᠡᠪᠡᠰᠦ ᠪᠠᠶᠢᠯᠭᠠᠬᠤ ᠦᠭᠡᠢ ᠮᠥᠷᠲᠡᠭᠡᠨ ᠶᠠᠮᠠᠷᠴᠤ ᠲᠠᠷᠢᠮᠠᠯ ᠲᠠᠷᠢᠵᠤ ᠪᠣᠯᠬᠤ ᠦᠭᠡᠢ᠃      2. ᠳᠤᠷᠤᠭ ᠮᠣᠳᠣᠨ ᠤ ᠰᠠᠯᠠᠭ᠎ᠠ ᠶᠢ ᠬᠡᠲᠦ ᠵᠠᠰᠠᠬᠤ ᠪᠤᠶᠤ ᠬᠡᠲᠦᠷᠡᠲᠡᠯ᠎ᠡ ᠵᠠᠰᠠᠵᠤ ᠪᠣᠯᠬᠤ ᠦᠭᠡᠢ᠂ ᠬᠡᠭᠡᠷ᠎ᠡ  ᠶᠢᠨ ᠬᠦᠢᠯᠡᠰᠦ᠂ ᠨᠠᠶᠢᠯᠵᠠᠭᠤᠷ ︵ᠬᠠᠷᠭᠠᠨ᠎ᠠ︶ ᠵᠡᠷᠭᠡ ᠪᠤᠳᠠ ᠮᠣᠳᠣᠨ ᠤ ᠰᠠᠯᠠᠭ᠎ᠠ ᠶᠢ ᠵᠠᠰᠠᠵᠤ ᠪᠣᠯᠬᠤ ᠦᠭᠡᠢ᠃      3. ᠡᠵᠡᠩᠨᠡᠯᠲᠡ ᠶᠢᠨ ᠶᠠᠪᠤᠴᠨ ᠳᠤ᠂ ᠣᠢ ᠮᠣᠳᠣ ᠶᠢ ᠭᠢᠰᠬᠢᠯᠡᠵᠦ᠂ ᠪᠦᠷᠬᠦᠵᠦ᠂ ᠭᠡᠮᠲᠦᠭᠡᠵᠦ᠂ ᠡᠪᠳᠡᠵᠦ ᠪᠣᠯᠬᠤ ᠦᠭᠡᠢ᠂ ᠤᠤᠯ ᠤᠨ ᠪᠠᠶᠢᠭᠰᠠᠨ ᠬᠦᠷᠢᠶᠡᠯᠡᠨ ᠪᠢᠲᠡᠭᠦᠮᠵᠢᠯᠡᠭᠰᠡᠨ ᠪᠡᠯᠡᠳᠬᠡᠮᠵᠢ ᠶᠢ ᠨᠣᠷᠠᠭᠠᠵᠤ᠂ ᠡᠪᠳᠡᠵᠦ ᠪᠣᠯᠬᠤ ᠦᠭᠡᠢ᠃      4. ᠡᠪᠡᠰᠦ ᠠᠷᠢᠯᠭᠠᠬᠤ ᠡᠮ ᠵᠡᠷᠭᠡ ᠮᠣᠳᠣᠨ ᠤ ᠬᠡᠪ ᠤᠨ ᠥᠰᠦᠯᠲᠡ ᠶᠢ ᠨᠥᠯᠥᠭᠡᠯᠡᠬᠦ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠨ᠎ᠠ᠃      5. ᠰᠦᠯᠢᠶᠦᠦ ᠪᠦᠷᠬᠦᠪᠴᠢ ᠬᠡᠷᠡᠭᠯᠡᠬᠦ ᠶᠢ ᠴᠠᠭᠠᠵᠠᠯᠠᠨ᠎ᠠ᠃      ᠲᠠᠪᠤ᠂ ᠪᠤᠰᠤᠳ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠤᠤᠯ ᠤᠨ ᠪᠠᠶᠢᠭᠰᠠᠨ ᠮᠣᠳᠣ ᠬᠡᠪ ᠤᠨ ᠪᠠᠶᠢᠳᠠᠯ ᠢᠶᠠᠷ ᠤᠷᠭᠤᠭᠰᠠᠨ ᠮᠥᠷᠲᠡᠭᠡᠨ ᠬᠠᠮᠠᠭᠠᠯᠠᠯᠲᠠ  ᠶᠢᠨ ᠨᠣᠷᠮ᠎ᠠ ᠨᠢ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠳᠤ ᠬᠥᠷᠥᠭᠰᠡᠨ ᠪᠠᠶᠢᠪᠠᠯ᠂ ᠬᠠᠮᠠᠭᠠᠯᠠᠯᠲᠠ ᠶᠢᠨ ᠨᠣᠷᠮ᠎ᠠ ᠶᠢᠨ 65% ︵ᠠᠵᠤ ᠠᠬᠤᠢ ᠶᠢᠨ ᠣᠢ ᠶᠢᠨ 85%  ︶ ᠠᠴᠠ ᠳᠡᠭᠡᠭᠰᠢᠬᠢ ᠱᠠᠭᠠᠷᠲᠠᠯᠭ᠎ᠠ ᠪᠠᠷ ᠬᠢᠨᠠᠨ ᠵᠦᠪᠰᠢᠶᠡᠷᠡᠵᠦ ᠪᠣᠯᠣᠨ᠎ᠠ᠃      ︵ᠬᠤᠶᠠᠷ︶ ᠤᠤᠯ ᠤᠨ ᠪᠠᠶᠢᠭᠰᠠᠨ ᠮᠣᠳᠣᠨ ᠤ ᠬᠠᠮᠠᠭᠠᠯᠠᠯᠲᠠ ᠶᠢᠨ ᠨᠣᠷᠮ᠎ᠠ ᠨᠢ ᠱᠠᠭᠠᠷᠳᠠᠯᠭ᠎ᠠ ᠳᠤ ᠬᠥᠷᠥᠭᠰᠡᠨ ᠦᠭᠡᠢ ᠪᠣᠯᠪᠠᠴᠤ ᠬᠠᠮᠠᠭᠠᠯᠠᠯᠲᠠ ᠶᠢᠨ ᠨᠣᠷᠮ᠎ᠠ ᠨᠢ 40% ᠠᠴᠠ ᠳᠡᠭᠡᠭᠰᠢ ᠳᠤ ᠬᠥᠷᠥᠭᠰᠡᠨ ᠮᠥᠷᠲᠡᠭᠡᠨ ᠮᠣᠳᠣ ᠨᠢ ᠬᠡᠪ ᠤᠨ ᠶᠣᠰᠣᠭᠠᠷ ᠤᠷᠭᠤᠵᠤ ᠪᠠᠶᠢᠪᠠᠯ᠂ ᠬᠢᠷᠢ ᠲᠡᠩᠴᠡᠭᠰᠡᠨ ᠵᠤᠯᠵᠠᠭ᠎ᠠ ᠮᠣᠳᠣ ᠪᠠᠷ ᠨᠦᠬᠦᠵᠦ ᠤᠷᠭᠤᠭᠤᠯᠬᠤ ᠪᠠᠷ ᠳᠠᠮᠵᠢᠭᠤᠯᠤᠨ ᠨᠢᠭᠡ ᠣᠷᠭᠤᠯᠲᠠ ᠶᠢᠨ ᠬᠤᠭᠤᠴᠠᠭ᠎ᠠ ᠶᠢ ᠦᠩᠭᠡᠷᠡᠭᠡᠭᠡᠳ ᠡᠲᠡᠭᠡᠷᠡᠯᠲᠡ ᠶᠢᠨ ᠨᠣᠷᠮ᠎ᠠ ᠨᠢ 70% ︵ᠠᠵᠤ ᠠᠬᠤᠢ ᠶᠢᠨ  ᠣᠢ ᠨᠢ 85%︶ ᠠᠴᠠ ᠳᠡᠭᠡᠭᠰᠢ ᠪᠠᠶᠢᠬᠤ ᠱᠠᠭᠠᠷᠳᠠᠯᠭ᠎ᠠ ᠶᠣᠰᠣᠭᠠᠷ ᠭᠢᠨᠠᠨ ᠵᠥᠪᠰᠢᠶᠡᠷᠡᠭᠦᠯᠬᠦ ᠬᠡᠷᠡᠭᠲᠡᠢ᠃      1. ᠲᠣᠰ ᠵᠢᠯ ᠤᠨ ᠬᠠᠪᠤᠷ ᠤᠨ ᠤᠯᠠᠷᠢᠯ ᠳᠤ ᠰᠢᠨ᠎ᠡ ᠪᠠᠷ ᠨᠥᠬᠦᠵᠦ ᠲᠠᠷᠢᠭᠰᠠᠨ ᠮᠣᠳᠣ ᠶᠢ ᠲᠣᠰ ᠵᠢᠯ ᠤᠨ ᠬᠠᠪᠤᠷ ᠤᠨ ᠤᠯᠠᠷᠢᠯ ᠳᠤ ᠬᠢᠨᠠᠨ ᠵᠥᠪᠰᠢᠶᠡᠷᠡᠬᠦ ᠦᠶ᠎ᠡ ᠳᠤ ᠡᠲᠡᠭᠡᠷᠡᠯᠲᠡ ᠶᠢᠨ ᠨᠣᠷᠮ᠎ᠠ ᠳᠤ ᠪᠤᠳᠤᠵᠤ ᠣᠷᠣᠭᠤᠯᠵᠤ ᠪᠣᠯᠬᠤ ᠦᠭᠡᠢ᠂ ᠨᠠᠮᠤᠷ ᠤᠨ ᠤᠯᠠᠷᠢᠯ ᠳᠤ ᠬᠢᠨᠠᠨ ᠵᠥᠪᠰᠢᠢᠶᠡᠷᠡᠬᠦ ᠦᠶ᠎ᠡ ᠳᠤ ᠡᠲᠡᠭᠡᠷᠡᠯᠲᠡ ᠶᠢᠨ ᠨᠣᠷᠮ᠎ᠠ ᠳᠤ ᠪᠤᠳᠤᠵᠤ ᠣᠷᠣᠭᠤᠯᠵᠤ ᠪᠣᠯᠣᠨ᠎ᠠ᠂ ᠡᠲᠡᠭᠡᠷᠡᠯᠲᠡ ᠶᠢᠨ ᠨᠣᠷᠮ᠎ᠠ ᠶᠢᠨ ᠰᠠᠭᠠᠷᠳᠠᠯᠭ᠎ᠠ ᠳᠤ ᠬᠥᠷᠥᠭᠰᠡᠨ ᠪᠠᠶᠢᠪᠠᠯ᠂ ᠳᠠᠷᠠᠭ᠎ᠠ ᠵᠢᠯ ᠤᠨ ᠭᠢᠨᠠᠨ ᠵᠥᠪᠰᠢᠶᠡᠷᠡᠬᠦ ᠨᠥᠬᠦᠴᠡᠯ ᠪᠣᠯᠭᠠᠨ᠎ᠠ᠃      2. ᠲᠣᠰ ᠵᠢᠯ ᠤᠨ ᠨᠠᠮᠤᠷ ᠤᠨ ᠤᠯᠠᠷᠢᠯ ᠳᠤ ᠰᠢᠨ᠎ᠡ ᠪᠠᠷ ᠨᠦᠬᠦᠵᠦ ᠤᠷᠭᠤᠭᠤᠯᠤᠭᠰᠠᠨ ᠮᠣᠳᠣ ᠶᠢ ᠲᠣᠰ ᠵᠢᠯ ᠤᠨ ᠨᠠᠮᠤᠷ ᠪᠤᠶᠤ ᠳᠠᠷᠠᠭ᠎ᠠ ᠵᠢᠯ ᠤᠨ ᠬᠠᠪᠤᠷ ᠤᠨ ᠤᠯᠠᠷᠢᠯ ᠳᠤ ᠬᠢᠨᠠᠨ ᠵᠥᠪᠰᠢᠶᠡᠷᠡᠭᠦᠯᠬᠦ ᠦᠶ᠎ᠡ ᠳᠤ ᠡᠲᠡᠭᠡᠷᠡᠯᠲᠡ ᠶᠢᠨ ᠨᠣᠷᠮ᠎ᠠ ᠳᠤ ᠪᠤᠳᠤᠵᠤ ᠣᠷᠣᠭᠤᠯᠵᠤ ᠪᠣᠯᠬᠤ ᠦᠭᠡᠢ᠃      ︵ᠭᠤᠷᠪᠠ︶ ᠤᠤᠯ ᠤᠨ ᠪᠠᠶᠢᠭᠰᠠᠨ ᠣᠢ ᠮᠣᠳᠣᠨ ᠤ ᠬᠠᠮᠠᠭᠠᠯᠠᠯᠲᠠ ᠶᠢᠨ ᠨᠣᠷᠮ᠎ᠠ ᠨᠢ 40% ᠳᠤ ᠬᠦᠷᠬᠦ ᠦᠭᠡᠢ᠂ ᠲᠤᠬᠠᠢ ᠶᠢᠨ ᠵᠢᠯ ᠳᠤ ᠪᠦᠬᠦ ᠲᠠᠯ᠎ᠠ ᠪᠠᠷ ᠨᠥᠬᠦᠵᠦ ᠳᠠᠷᠢᠭᠰᠠᠨ ᠪᠤᠶᠤ ᠳᠡᠰ ᠳᠠᠷᠠᠭᠠᠯᠠᠯ ᠢᠶᠠᠷ ᠭᠢᠨᠠᠨ ᠵᠥᠪᠰᠢᠶᠡᠷᠡᠵᠦ ᠲᠠᠬᠢᠨ ᠣᠶᠢᠵᠢᠭᠤᠯᠤᠭᠰᠠᠨ ᠪᠠᠶᠢᠪᠠᠯ᠂ ᠣᠷᠭᠤᠵᠤ ᠭᠦᠢᠴᠡᠭᠡᠲᠦᠢ ᠣᠶᠢᠵᠢᠭᠤᠯᠤᠭᠰᠠᠨ ᠭᠠᠵᠠᠷ ᠢᠶᠠᠷ ᠲᠣᠭᠲᠠᠭᠠᠵᠤ᠂ ᠣᠶᠢᠵᠢᠭᠤᠯᠬᠤ ᠪᠠᠷᠢᠮᠵᠢᠶ᠎ᠠ ᠳᠤ ᠬᠥᠷᠥᠭᠰᠡᠨ ᠤ ᠳᠠᠷᠠᠭ᠎ᠠ ᠰᠠᠶ᠋ᠢ ᠬᠢᠨᠠᠨ ᠵᠥᠪᠰᠢᠶᠡᠷᠡᠬᠦ ᠳᠠᠰ ᠳᠠᠷᠠᠭᠠᠯᠠᠯ ᠢᠶᠠᠷ ᠭᠢᠨᠠᠨ ᠵᠥᠪᠰᠢᠶᠡᠷᠡᠵᠦ ᠪᠣᠯᠣᠨ᠎ᠠ᠃      ᠵᠢᠷᠭᠤᠭ᠎ᠠ᠂ ᠭᠤᠶᠣᠴᠢᠯᠠᠬᠤ ᠶᠠᠪᠤᠴᠠ      ᠭᠤᠶᠤᠴᠢᠯᠠᠭᠴᠢ ᠠᠴᠠ ᠣᠶᠢᠳᠤ ᠭᠠᠵᠠᠷ ᠤᠨ ᠪᠠᠶᠢᠭ᠎ᠠ ᠭᠠᠴᠠᠭ᠎ᠠ ᠲᠤᠰᠬᠤᠨ ᠤ ᠵᠥᠪᠯᠡᠯ ᠳᠤ ᠭᠤᠶᠤᠴᠢᠯᠠᠯ  ᠤᠨ ᠮᠠᠲ᠋ᠧᠷᠢᠶᠠᠯ ᠢᠶᠠᠨ ᠲᠤᠰᠢᠶᠠᠨ᠎ᠠ᠂ ᠡᠭᠦᠨ ᠳᠤ ᠭᠤᠶᠤᠴᠢᠯᠠᠯ ᠤᠨ ᠬᠥᠰᠦᠨᠦᠭᠲᠦ᠂ ᠭᠤᠶᠤᠴᠢᠯᠠᠭᠴᠢ ᠶᠢᠨ ᠪᠡᠶ᠎ᠡ  ᠶᠢᠨ ᠦᠨᠡᠮᠡᠯ᠂ ᠦᠯᠦ ᠬᠥᠳᠡᠯᠬᠦ ᠬᠥᠷᠦᠩᠭᠡ ᠶᠢᠨ ᠭᠡᠷᠡᠴᠢ ᠦᠨᠡᠮᠯᠡᠯ ︵ᠣᠢ ᠮᠣᠳᠣᠨ ᠤ ᠡᠷᠬᠡ ᠶᠢᠨ ᠦᠨᠡᠮᠯᠡᠯ ᠪᠣᠶᠤ ᠤᠶᠢᠲᠤ ᠭᠠᠵᠠᠷ ᠤᠨ ᠡᠷᠬᠡ ᠶᠢᠨ ᠬᠠᠷᠢᠶᠠᠯᠠᠯ ᠤᠨ ᠭᠡᠷᠡᠴᠢ︶ ᠪᠠᠭᠲᠠᠨ᠎ᠠ᠃ ᠭᠠᠴᠠᠭ᠎ᠠ ᠲᠣᠰᠬᠤᠨ ᠤ ᠠᠷᠠᠳ ᠤᠨ ᠵᠦᠪᠯᠡᠯ ᠭᠤᠶᠤᠴᠢᠯᠠᠯ ᠤᠨ ᠮᠠᠲ᠋ᠧᠷᠢᠶᠠᠯ ᠵᠢᠴᠢ ᠭᠠᠵᠠᠷ ᠰᠢᠷᠣᠢ ᠳᠤ ᠠᠩᠬᠠᠨ ᠤ ᠬᠢᠨᠠᠯᠲᠠ ᠬᠢᠨ᠎ᠡ᠃ ᠠᠩᠬᠠᠨ ᠤ ᠬᠢᠨᠠᠯᠲᠠ ᠶᠢ ᠦᠩᠭᠡᠷᠡᠭᠰᠡᠨ ᠤ ᠳᠠᠷᠠᠭ᠎ᠠ᠂ ᠨᠥᠬᠦᠴᠡᠯ ᠳᠤ ᠨᠡᠶᠢᠴᠡᠭᠰᠡᠨ ᠭᠤᠶᠤᠴᠢᠯᠠᠯ ᠤᠨ ᠮᠠᠲ᠋ᠧᠷᠢᠶᠠᠯ ᠢ ᠬᠠᠷᠢᠶ᠎ᠠ ᠭᠠᠵᠠᠷ ᠤᠨ ᠰᠣᠮᠣ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠨᠢᠭᠡ ᠤᠳᠠᠭᠠᠨ ᠤ ᠴᠢᠨᠠᠷᠲᠠᠢ ᠪᠠᠷ ᠮᠡᠳᠡᠭᠦᠯᠵᠦ ᠲᠠᠬᠢᠨ ᠬᠢᠨᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠣᠮᠵᠢ ᠶᠢᠨ ᠬᠡᠷᠡᠭ ᠡᠷᠭᠢᠯᠡᠬᠦ ᠭᠠᠵᠠᠷ ᠲᠤᠬᠠᠢ ᠶᠢᠨ ᠲᠠᠯᠠᠪᠠᠶ ᠳᠤ ᠪᠠᠶᠢᠴᠠᠭᠠᠯᠲᠠ ᠬᠢᠭᠰᠡᠨ ᠤ ᠳᠠᠷᠠᠭ᠎ᠠ᠂ ᠨᠥᠬᠦᠴᠡᠯ ᠳᠤ ᠨᠡᠶᠢᠴᠡᠬᠦ ᠠᠵᠢᠯ ᠤᠨ ᠵᠢᠷᠤᠭ ᠲᠥᠯᠥᠪᠯᠡᠭᠡ ᠪᠤᠶᠤ ᠲᠦᠰᠦᠯ ᠢ ᠨᠠᠶᠢᠷᠠᠭᠤᠯᠤᠨ ᠵᠣᠬᠢᠶᠠᠬᠤ ᠶᠢ ᠭᠢᠨᠠᠨ ᠵᠥᠪᠰᠢᠶᠡᠷᠡᠬᠦ ᠶᠢᠨ ᠬᠠᠮᠲᠤ ᠣᠢ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠲᠤ ᠮᠡᠳᠡᠭᠦᠯᠦᠨ ᠲᠠᠩᠰᠠᠯᠠᠭᠤᠯᠤᠨ᠎ᠠ᠃      ᠲᠤᠯᠤᠭ᠎ᠠ᠂ ᠲᠣᠭᠲᠠᠭᠠᠯ ᠠᠴᠠ ᠵᠦᠷᠢᠴᠡᠨ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠦᠭᠰᠡᠨ ᠪᠠᠶᠢᠪᠠᠯ᠂ ᠳᠣᠣᠷᠠᠬᠢ ᠮᠡᠲᠦ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ :      1. ᠠᠰᠢᠭᠯᠠᠬᠤ ᠶᠢ ᠴᠠᠭᠠᠵᠠᠯᠠᠭᠰᠠᠨ ᠤᠶᠢᠲᠤ ᠭᠠᠵᠠᠷ ᠤᠨ ᠬᠡᠪᠴᠢᠶᠡᠨ ᠳᠤ ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠦᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ  ᠶᠢᠨ ᠬᠠᠤᠯᠢ︾ ᠵᠡᠷᠭᠡ ᠬᠤᠯᠪᠣᠭᠲᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠲᠦᠰᠦᠯᠡᠨ ᠰᠢᠢᠳᠬᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      2. ᠲᠠᠷᠢᠶᠠᠯᠠᠬᠤ ᠶᠢ ᠵᠣᠭᠰᠣᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠶᠠᠪᠤᠴᠨ ᠳᠤ ᠳᠤᠷ᠎ᠠ ᠪᠠᠷ  ᠢᠶᠠᠨ ᠰᠡᠷᠭᠦᠭᠡᠨ ᠳᠠᠷᠢᠭᠰᠠᠨ ᠪᠤᠶᠤ ᠣᠢ ᠰᠢᠭᠤᠢ ᠠᠮᠤ ᠪᠣᠳᠠᠭ᠎ᠠ ᠶᠢ ᠠᠯᠠᠭᠯᠠᠨ ᠲᠠᠷᠢᠭᠰᠠᠨ ᠪᠠᠶᠢᠪᠠᠯ᠂ ᠲᠠᠷᠢᠶᠠᠯᠠᠩ  ᠳᠤ ᠬᠡᠷᠡᠭᠯᠡᠬᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠶᠠᠯ᠎ᠠ ᠪᠤᠶᠤ ᠪᠤᠰᠤᠳ ᠶᠠᠯ᠎ᠠ ᠶᠢᠨ ᠲᠤᠬᠠᠢ ᠡᠷᠡᠭᠦᠦ  ᠶᠢᠨ ᠬᠠᠤᠯᠢ ᠶᠢᠨ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠬᠠᠷᠠᠬᠠᠨ ᠡᠷᠡᠭᠦᠦ ᠶᠢᠨ ᠰᠢᠢᠳᠬᠡᠯ ᠪᠣᠯᠵᠤ ᠪᠦᠷᠢᠯᠳᠦᠭᠰᠡᠨ ᠦᠭᠡᠢ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠬᠡᠨ᠎ᠡ᠃      3. ᠣᠢ ᠶᠢᠨ ᠬᠤᠷᠮᠣᠢ ᠶᠢᠨ ᠠᠵᠤ ᠠᠬᠤᠢ ᠶᠢ ᠬᠥᠭᠵᠢᠭᠦᠯᠬᠦ ᠶᠠᠪᠤᠴᠨ ᠳᠤ ᠬᠥᠷᠥᠰᠥ ᠰᠢᠷᠣᠢ ᠶᠢᠨ ᠢᠳᠡᠭᠳᠡᠯ᠂ ᠭᠠᠵᠠᠷ ᠰᠢᠷᠣᠢ ᠶᠢᠨ ᠡᠯᠡᠰᠦᠷᠭᠡᠭᠵᠢᠯ᠂ ᠴᠥᠯᠡᠷᠬᠡᠭᠵᠢᠯ ᠡᠭᠦᠰᠦᠭᠰᠡᠨ ᠪᠠᠶᠢᠪᠠᠯ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠢ ᠰᠢᠭᠤᠢ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠰᠢᠢᠳᠪᠦᠷᠢᠯᠡᠨ᠎ᠡ᠃                                             2024 ᠣᠨ ᠤ 3 ᠰᠠᠷ᠎ᠠ ᠶᠢᠨ 10 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号