ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠢᠩᠭ᠎ᠠ ᠰᠡᠷᠭᠡᠶᠢᠯᠡᠯᠲᠡ ᠬᠢᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/15
     ᠣᠢ ᠰᠢᠭᠤᠢ ᠨᠤᠲᠤᠭ ᠪᠡᠯᠴᠢᠭᠡᠷ ᠤᠨ ᠭᠠᠯ ᠳᠦᠶᠢᠮᠡᠷ ᠤᠨ ᠠᠶᠤᠯ ᠡᠭᠦᠰᠬᠦ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠪᠦᠬᠦ ᠬᠤᠰᠢᠭᠤᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠢᠯᠡᠬᠦ ᠳᠦᠷᠢᠮ︾ ᠤᠨ ᠬᠠᠮᠢᠶ᠎ᠠ ᠪᠥᠬᠦᠢ ᠲᠣᠭᠲᠠᠭᠠᠯ  ᠢ ᠦᠨᠳᠦᠰᠦᠯᠡᠨ᠂ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠶᠡᠬᠡᠲᠡᠢ ᠬᠤᠭᠤᠴᠠᠭᠠᠨ‌‍ᠳᠤ ᠴᠢᠩᠭ᠎ᠠ ᠰᠡᠷᠭᠡᠶᠢᠯᠡᠯᠲᠡ ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠃  ᠡᠳᠦᠭᠡ ᠬᠤᠯᠪᠣᠭᠲᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠭᠠᠯ ᠬᠡᠷᠡᠭᠯᠡᠬᠦ ᠶᠢ ᠴᠠᠭᠠᠵᠠᠯᠠᠬᠤ ᠬᠤᠭᠤᠴᠠᠭ᠎ᠠ      2024 ᠣᠨ ᠤ 3 ᠰᠠᠷ᠎ᠠ ᠶᠢᠨ 15 ᠤ ᠡᠳᠦᠷ — 2024 ᠣᠨ ᠤ 6 ᠰᠠᠷ᠎ᠠ ᠶᠢᠨ 15 ᠤ ᠡᠳᠦᠷ      2024 ᠣᠨ ᠤ 9 ᠰᠠᠷ᠎ᠠ ᠶᠢᠨ 15 ᠤ ᠡᠳᠦᠷ — 2024 ᠣᠨ ᠤ 11 ᠰᠠᠷ᠎ᠠ ᠶᠢᠨ 15 ᠤ ᠡᠳᠦᠷ      ᠬᠤᠶᠠᠷ᠂ ᠭᠠᠯ ᠬᠡᠷᠡᠭᠯᠡᠬᠦ ᠶᠢ ᠴᠠᠭᠠᠵᠠᠯᠠᠬᠤ ᠬᠡᠪᠴᠢᠶ᠎ᠡ      ᠠᠷᠤ ᠬᠤᠷᠴᠢᠨ ᠬᠤᠰᠢᠭᠤᠨ ᠤ ᠬᠢᠯᠢ ᠳᠣᠲᠣᠷᠠᠬᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠭᠡᠶᠢᠯᠡᠯᠲᠡ ᠶᠢᠨ ᠣᠷᠣᠨ      ᠭᠤᠷᠪᠠ᠂ ᠭᠠᠯ ᠬᠡᠷᠡᠭᠯᠡᠬᠦ ᠶᠢ ᠴᠠᠭᠠᠵᠠᠯᠠᠬᠤ ᠱᠠᠭᠠᠷᠲᠠᠯᠭ᠎ᠠ      ︵ᠨᠢᠭᠡ︶ ᠡᠯ᠎ᠡ ᠳᠦᠷᠦᠯ ᠤᠨ ᠣᠣᠩᠭᠤᠨ ᠤ ᠭᠠᠵᠠᠷ᠂ ᠣᠩᠭᠤᠨ ᠤ ᠬᠦᠷᠢᠶᠡᠯᠡᠩ ᠳᠤ ᠲᠠᠬᠢᠯᠭ᠎ᠠ ᠶᠢᠨ ᠡᠳ᠋ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠵᠠᠮ᠂ ᠠᠭᠤᠳᠠᠮ ᠲᠠᠯᠠᠪᠠᠶ᠂ ᠰᠠᠭᠤᠭᠠᠯᠢ ᠠᠷᠠᠳ ᠤᠨ ᠲᠣᠭᠤᠷᠢᠭ᠂ ᠭᠤᠤᠯ ᠤᠨ ᠵᠠᠮ᠂ ᠴᠡᠴᠡᠷᠯᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠭᠠᠵᠠᠷ ᠤᠳ ᠢᠶᠠᠷ ᠲᠠᠬᠢᠯᠭ᠎ᠠ ᠶᠢᠨ ᠡᠳ᠋ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠰᠠᠭᠤᠭᠠᠯᠢ ᠠᠷᠠᠳ ᠵᠤᠤᠬᠠᠨ ᠤ ᠦᠨᠡᠰᠦ  ᠪᠠᠨ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠨ᠎ᠠ᠃      ︵ᠭᠤᠷᠪᠠ︶ ᠶᠠᠮᠠᠷᠪᠠ ᠨᠢᠭᠡ ᠬᠥᠮᠥᠨ ᠭᠠᠯ ᠠᠪᠴᠤ ᠠᠭᠤᠯᠠᠨ ᠳᠤ ᠭᠠᠷᠬᠤ᠂ ᠣᠢ ᠰᠢᠭᠤᠢ ᠳᠤ ᠣᠷᠣᠬᠤ᠂ ᠲᠠᠷᠢᠮᠠᠯ ᠤᠨ ᠡᠰᠢ ᠰᠦᠷᠡᠯ ᠰᠢᠳᠠᠭᠠᠬᠤ᠂ ᠬᠤᠭ ᠨᠣᠪᠰᠢ ᠰᠢᠲᠠᠭᠠᠬᠤ᠂ ᠭᠠᠩᠨᠠᠨ ᠵᠠᠯᠭᠠᠬᠤ ᠠᠵᠢᠯ ᠵᠢᠴᠢ ᠪᠠᠷᠢᠯᠭ᠎ᠠ  ᠶᠢᠨ ᠲᠡᠯᠪᠡᠴᠢᠯᠡᠯᠲᠡ ᠬᠢᠬᠦ ᠶᠢ ᠴᠠᠭᠠᠵᠠᠯᠠᠵᠤ᠂ ᠬᠡᠭᠡᠷ᠎ᠡ ᠬᠤᠭᠤᠯᠠᠯᠠᠬᠤ ᠪᠠ ᠫᠤᠤᠵᠢᠩ ᠲᠠᠯᠪᠢᠬᠤ᠂ ᠬᠡᠭᠡᠷ᠎ᠡ ᠭᠠᠳᠠᠨ᠎ᠠ ᠳᠡᠮᠡᠬᠢ ᠲᠠᠲᠠᠬᠤ᠂ ᠳᠡᠭᠳᠡᠭᠦᠷ ᠳ᠋ᠧᠩᠯᠦ ᠠᠰᠠᠭᠠᠬᠤ ᠮᠡᠲᠦ ᠶᠢᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ  ᠶᠢ ᠴᠠᠭᠠᠵᠠᠯᠠᠨ᠎ᠠ᠃ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠰᠡᠷᠭᠡᠶᠢᠯᠡᠯᠲᠡ ᠶᠢᠨ ᠣᠷᠣᠨ ᠳᠤ ᠭᠠᠯ ᠰᠡᠷᠭᠡᠶᠢᠯᠡᠬᠦ ᠴᠠᠷᠠᠭ᠎ᠠ ᠭᠠᠷᠭᠠᠬᠤ᠂ ᠦᠢᠯᠡᠳᠪᠦᠷᠢᠯᠡᠯ ᠤᠨ ᠴᠢᠨᠠᠷᠲᠠᠢ ᠭᠠᠯ ᠬᠡᠷᠡᠭᠯᠡᠬᠦ ᠴᠢᠬᠤᠯᠠ ᠲᠠᠢ ᠪᠣᠯ ᠣᠢ ᠰᠢᠭᠤᠢ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠭᠠᠯ ᠢ ᠰᠡᠷᠭᠡᠶᠢᠯᠡᠬᠦ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃      ︵ᠳᠥᠷᠪᠡ︶ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠪᠡᠯᠡᠳᠬᠡᠮᠵᠢ ᠳᠦᠭᠦᠭᠡᠷᠦᠮᠵᠢ ᠵᠢᠴᠢ ᠤᠬᠠᠭᠤᠯᠵᠤ ᠰᠡᠷᠡᠮᠵᠢᠯᠡᠭᠦᠯᠬᠦ ᠲᠡᠮᠳᠡᠭ ᠢ ᠡᠪᠳᠡᠬᠦ ᠪᠠ ᠡᠵᠡᠯᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠲᠠᠪᠤ︶ ᠪᠥᠬᠦ ᠬᠤᠰᠢᠭᠤᠨ ᠤ ᠭᠠᠯ ᠤᠨ ᠰᠡᠷᠭᠡᠶᠢᠯᠡᠯᠲᠡ ᠶᠢᠨ ᠪᠤᠢ ᠪᠦᠬᠦᠢ ᠪᠠᠶᠢᠴᠠᠭᠠᠬᠤ ᠥᠷᠲᠡᠭᠡ᠂ ᠴᠠᠭᠳᠠᠨ ᠪᠠᠷᠠᠯᠠᠬᠤ ᠳᠠᠭᠲᠤ᠂ ᠰᠢᠭᠤᠶᠢᠲᠤ ᠣᠷᠣᠨ ᠤ ᠠᠵᠢᠯᠳᠠᠳ ᠴᠦᠮ ᠠᠵᠢᠯ ᠤᠨ ᠪᠠᠶᠢᠷᠢᠨ ᠳᠠᠭᠠᠨ ᠪᠠᠶᠢᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠯᠲᠡ ᠬᠢᠬᠦᠪᠠ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠵᠦ᠂ ︽ᠠᠭᠤᠯᠠ ᠶᠢ ᠴᠢᠩᠭ᠎ᠠ ᠪᠢᠳᠡᠭᠦᠮᠵᠢᠯᠡᠵᠦ᠂ ᠬᠥᠮᠥᠨ ᠢ ᠰᠠᠶᠢᠲᠤᠷ ᠬᠠᠷᠠᠵᠤ᠂ ᠭᠠᠯ ᠢ ᠴᠢᠩᠭ᠎ᠠ ᠰᠡᠷᠭᠡᠶᠢᠯᠡᠬᠦ︾ ᠶᠢ ᠦᠨᠡᠨᠬᠦ ᠪᠡᠶᠡᠯᠡᠭᠦᠯᠬᠦ ᠬᠡᠷᠡᠭᠲᠡᠢ᠃      ︵ᠵᠢᠷᠭᠤᠭ᠎ᠠ︶ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠣᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠡᠰᠡᠭ ᠬᠤᠪᠢᠶᠠᠨ ᠲᠠᠭᠠᠭᠠᠴᠢᠯᠠᠵᠤ᠂ ᠳᠣᠣᠷᠴᠢᠯᠠᠨ ᠬᠠᠮᠢᠶᠠᠷᠤᠨ ᠡᠵᠡᠮᠳᠡᠬᠦ︾ ᠪᠠ ︽ᠬᠡᠨ ᠳᠤ ᠬᠠᠷᠢᠶᠠᠯᠠᠪᠠᠯ ᠲᠡᠷᠡ ᠬᠠᠷᠢᠭᠤᠴᠠᠵᠤ᠂ ᠬᠡᠨ ᠬᠠᠮᠢᠶᠠᠷᠪᠠᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠲᠠᠪᠤᠨ ᠱᠠᠲᠤ ᠬᠤᠯᠪᠣᠭᠠᠯᠠᠨ ᠬᠠᠷᠢᠭᠤᠴᠠᠯᠭ᠎ᠠ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠥᠨ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃      ︵ᠲᠤᠯᠤᠭ᠎ᠠ︶ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠣᠮᠵᠢ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠤᠷᠢᠳᠴᠢᠯᠠᠨ ᠰᠡᠷᠭᠡᠶᠢᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠬᠥᠮᠥᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠭᠠᠯ ᠳᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠣᠯᠠᠨ ᠲᠦᠮᠡᠨ ᠤ ᠭᠠᠯ ᠤᠨ ᠰᠡᠷᠭᠡᠶᠢᠯᠡᠯᠲᠡ ᠳᠤ ᠠᠰᠢᠭ ᠦᠭᠡᠢ ᠬᠡᠪ ᠵᠠᠩᠰᠢᠯ ᠢᠶᠠᠨ ᠥᠭᠡᠷᠡᠴᠢᠯᠡᠬᠦ ᠪᠠ ᠪᠣᠯᠪᠠᠰᠤᠨ ᠠᠮᠤᠷ ᠲᠦᠪᠰᠢᠨ ᠢᠶᠠᠷ ᠭᠠᠯ ᠬᠡᠷᠡᠭᠯᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠠᠭᠤᠯᠠᠨ ᠳᠤ ᠣᠷᠣᠬᠤ ᠵᠠᠮ ᠤᠨ ᠠᠭᠤᠯᠵᠠᠷ᠂ ᠵᠠᠰᠠᠮᠠᠯ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠳᠤ ᠤᠷᠢᠶ᠎ᠠ ᠯᠤᠽᠤᠩ᠂ ᠡᠯᠭᠦᠭᠡ ᠪᠢᠴᠢᠬᠡᠰᠦ ᠨᠠᠭᠠᠬᠤ᠂ ᠭᠠᠯ ᠢ‌‍ᠰᠡᠷᠭᠡᠶᠢᠯᠡᠬᠦ ᠲᠤᠭ ᠪᠣᠰᠬᠠᠬᠤ᠂ ᠤᠬᠠᠭᠤᠯᠭ᠎ᠠ ᠶᠢᠨ ᠪᠠᠶᠢᠰᠠ ᠪᠠᠶᠢᠷᠢᠯᠠᠭᠤᠯᠬᠤ ᠵᠡᠷᠭᠡ ᠠᠷᠭ᠎ᠠ ᠪᠠᠷ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠣᠯᠠᠨ ᠲᠦᠮᠡᠨ ᠤ ᠭᠠᠯ ᠢ ᠰᠡᠷᠭᠡᠶᠢᠯᠡᠬᠦ ᠦᠵᠡᠯ ᠤᠬᠠᠮᠰᠠᠷ᠂ ᠠᠮᠤᠷ ᠲᠦᠪᠡᠰᠢᠨ ᠤ ᠦᠵᠡᠯ ᠤᠬᠠᠮᠰᠠᠷ ᠪᠣᠯᠣᠨ ᠬᠠᠤᠯᠢ ᠲᠦᠷᠢᠮ ᠤᠨ ᠦᠵᠡᠯ ᠤᠬᠠᠮᠰᠠᠷ ᠢ ᠨᠡᠮᠡᠭᠳᠡᠭᠦᠯᠦᠨ᠂ ᠣᠯᠠᠨ ᠲᠦᠮᠡᠨ ᠤ ᠠᠶᠤᠯ ᠠᠴᠠ ᠰᠡᠷᠭᠡᠶᠢᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃      ︵ᠨᠠᠢᠮᠠ︶ ᠪᠥᠬᠦ ᠬᠤᠰᠢᠭᠤᠨ ᠤ ᠭᠤᠣᠯᠳᠠᠯᠭ᠎ᠠ ᠲᠠᠢ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠴᠢᠩᠭ᠎ᠠ ᠰᠡᠷᠭᠡᠶᠢᠯᠡᠨ ᠬᠠᠮᠢᠶᠠᠷᠬᠤ ᠬᠤᠭᠤᠴᠠᠭᠠᠨ ᠳᠤ᠂ ᠲᠣᠭᠲᠠᠭᠠᠯ ᠢ ᠵᠥᠷᠢᠴᠡᠨ ᠰᠡᠷᠭᠡᠶᠢᠯᠡᠯᠲᠡ ᠶᠢᠨ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠬᠦ᠂ ᠭᠠᠯ ᠠᠯᠳᠠᠵᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ  ᠤᠨ ᠠᠶᠤᠯ ᠡᠭᠦᠰᠬᠡᠬᠦ᠂ ᠵᠣᠷᠢᠭᠤᠲᠠ ᠭᠠᠯ ᠲᠠᠯᠪᠢᠬᠤ᠂ ᠭᠠᠯ ᠤᠨᠲᠠᠷᠠᠭᠠᠬᠤ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠦᠭᠡᠢ᠂ ᠭᠠᠯ ᠤᠨᠲᠠᠷᠠᠭᠠᠬᠤ ᠶᠢ ᠨᠥᠯᠥᠭᠡᠯᠡᠬᠦ᠂ ᠣᠢ ᠰᠢᠭᠤᠢ ᠨᠤᠲᠤᠭ ᠪᠡᠯᠴᠢᠭᠡᠷ ᠤᠨ ᠭᠠᠯ ᠳᠦᠶᠢᠮᠡᠷ ᠤᠨ ᠭᠠᠮᠰᠢᠭ ᠡᠭᠦᠰᠬᠡᠭᠰᠡᠨ ᠪᠠᠶᠢᠪᠠᠯ ︽ᠡᠷᠡᠭᠦᠦ ᠶᠢᠨ ᠬᠠᠤᠯᠢ︾᠂ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ︾᠂ ︽ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠣᠢ ᠰᠢᠭᠤᠢ ᠶᠢᠨ ᠭᠠᠯ ᠢ ᠰᠡᠷᠭᠡᠶᠢᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠠᠤᠯᠢ ᠲᠣᠭᠲᠠᠭᠠᠯ ᠶᠣᠰᠣᠭᠠᠷ ᠰᠡᠷᠡᠮᠵᠢᠯᠡᠭᠦᠯᠬᠦ᠂ ᠳᠤᠷᠭᠠᠬᠤ᠂ ᠲᠦᠷ ᠬᠤᠷᠢᠬᠤ ᠵᠡᠷᠭᠡ ᠵᠠᠰᠠᠭ ᠵᠠᠭᠢᠷᠭᠠᠨ ᠤ ᠰᠢᠢᠳᠬᠡᠯ ᠥᠭᠴᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ︵ᠶᠢᠰᠦ︶ ᠥᠷᠭᠡᠨ ᠣᠯᠠᠨ ᠬᠡᠳ᠋ᠷ ᠣᠯᠠᠨ ᠲᠦᠮᠡᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠪᠠ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠦᠭᠰᠡᠨ ᠪᠠᠶᠢᠳᠠᠯ ᠢ ᠣᠯᠵᠤ ᠮᠡᠳᠡᠪᠡᠯ᠂ ᠳᠡᠷᠦᠢ ᠲᠦᠷᠭᠡᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠴᠠᠭᠳᠠᠭᠠᠨ ᠤ ᠤᠲᠠᠰᠤ᠄ 12119 ᠪᠤᠶᠤ 7231802 ᠢᠶᠠᠷ ᠤᠳᠠᠰᠤᠳᠠᠵᠤ ᠮᠡᠳᠡᠭᠳᠡᠭᠡᠷᠡᠢ᠃      ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                                ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                        2024 ᠣᠨ ᠤ 3 ᠰᠠᠷ᠎ᠠ ᠶᠢᠨ 12 ᠤᠨ ᠡᠳᠦᠷ  
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号