ᠠᠷᠤ ᠬᠤᠷᠴᠢᠨ ᠬᠤᠰᠢᠭᠤᠨ ᠤ ᠬᠠᠷᠢᠶ᠎ᠠ ᠣᠷᠣᠨ ᠳᠣᠲᠣᠷᠠᠬᠢ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠳᠦᠭᠦᠭᠡᠷᠦᠮᠵᠢ ᠶᠢ ᠡᠬᠢᠯᠡᠨ ᠠᠵᠢᠯᠯᠠᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/27
     ᠮᠠᠨ ᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠠᠨ᠂ ᠬᠠᠷᠢᠶ᠎ᠠ ᠣᠷᠣᠨ‌‍ᠳᠠᠬᠢ ᠵᠠᠮ ᠬᠠᠷᠢᠯᠴᠠᠭᠠᠨ ᠤ ᠡᠮᠭᠢ ᠲᠢᠭᠯᠢᠮ ᠢ ᠳᠦᠷᠢᠮᠵᠢᠭᠦᠯᠵᠦ᠂ ᠪᠣᠯᠪᠠᠰᠤᠨ ᠠᠶᠠᠯᠠᠯ ᠤᠨ ᠣᠶᠢᠯᠠᠭᠠᠭᠳᠠᠬᠤᠨ ᠤ ᠲᠦᠪᠰᠢᠨ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠤᠰᠣᠯ ᠠᠳᠠᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ  ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ  ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠡᠰᠢᠨ  ᠤ ᠬᠠᠤᠯᠢ ᠶᠢᠨ ᠬᠡᠷᠡᠭᠵᠢᠭᠦᠯᠦᠯᠲᠡ ᠶᠢᠨ ᠲᠣᠭᠲᠠᠭᠠᠯ ᠢ ᠦᠨᠳᠦᠰᠦᠯᠡᠨ᠂ ᠠᠷᠤ ᠬᠤᠷᠴᠢᠨ ᠬᠤᠰᠢᠭᠤᠨ ᠤ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 2024 ᠣᠨ ᠤ 4 ᠰᠠᠷ᠎ᠠ ᠶᠢᠨ 2 ᠤᠨ ᠡᠳᠦᠷ ᠠᠴᠠ ᠡᠬᠢᠯᠡᠨ 37 ᠬᠡᠰᠡᠭ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠮᠡᠷᠭᠡᠵᠢᠯ  ᠤᠨ ᠭᠢᠨᠠᠨ ᠡᠵᠡᠮᠳᠡᠬᠦ ᠳᠦᠭᠦᠭᠡᠷᠦᠮᠵᠢ ᠶᠢ ᠠᠵᠢᠯᠯᠠᠭᠤᠯᠵᠤ  ᠂ ᠡᠯ᠎ᠡ ᠲᠥᠷᠦᠯ ᠤᠨ ᠮᠠᠰᠢᠨᠲᠤ ᠲᠡᠷᠭᠡ ᠶᠢᠨ ᠬᠤᠷᠳᠤᠴᠠ ᠳᠠᠪᠠᠭ᠋ᠤ᠂ ᠤᠯᠠᠭᠠᠨ ᠳ᠋ᠧᠩ ᠢᠶᠠᠷ ᠥᠩᠭᠡᠷᠡᠬᠦ᠂ ᠳᠦᠷᠢᠮ ᠢ ᠵᠥᠷᠢᠴᠡᠨ ᠲᠡᠷᠭᠡᠨ ᠵᠠᠮ ᠰᠣᠯᠢᠬᠤ᠂ ᠰᠦᠷᠭᠡᠦ ᠪᠠᠷ ᠶᠠᠪᠤᠬᠤ᠂ ᠲᠣᠭᠲᠠᠭᠰᠠᠨ ᠲᠡᠷᠬᠡᠨ ᠵᠠᠮ ᠢᠶᠠᠷ ᠶᠠᠪᠤᠬᠤ ᠦᠭᠡᠢ᠂ ᠶᠠᠪᠠᠭᠠᠨ ᠬᠥᠮᠥᠨ ᠥᠩᠭᠡᠷᠡᠬᠦ ᠶᠢ ᠬᠦᠯᠢᠶᠡᠬᠦ ᠦᠭᠡᠢ᠂ ᠴᠠᠭᠠᠵᠠ‌‍ᠲ᠋ᠠᠢ ᠵᠢᠭᠠᠯᠲᠠ ᠲᠡᠮᠳᠡᠭ᠂ ᠵᠢᠭᠠᠯᠲᠠ ᠵᠢᠷᠤᠭᠠᠰᠤ ᠶᠢᠨ ᠵᠢᠭᠠᠪᠤᠷᠢ ᠶᠢ ᠵᠥᠷᠢᠴᠡᠨ ᠶᠠᠪᠤᠬᠤ ᠵᠢᠴᠢ ᠠᠮᠤᠷ ᠲᠦᠪᠰᠢᠨ ᠤ ᠪᠦᠰᠡᠯᠡᠬᠦᠷ ᠪᠦᠰᠡᠯᠡᠭᠰᠡᠨ ᠦᠭᠡᠢ᠂ ᠲᠡᠷᠭᠡ ᠵᠢᠯᠤᠭᠤᠳᠴᠤ ᠪᠠᠶᠢᠭᠠᠳ ᠤᠲᠠᠰᠤ ᠠᠪᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠢᠯᠠᠰᠬᠢᠨ ᠰᠡᠭᠦᠳᠡᠷᠯᠡᠵᠦ᠂ ᠭᠡᠷᠡᠴᠢ ᠪᠣᠯᠭᠠᠨ ᠦᠯᠡᠳᠡᠭᠡᠵᠦ᠂ ᠮᠠᠰᠢᠨᠲᠤ ᠲᠡᠷᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠳᠤᠷᠭᠠᠬᠤ ᠦᠨᠳᠦᠰᠦᠯᠡᠯ ᠪᠣᠯᠭᠠᠬᠤ ᠶᠢᠨ ᠬᠠᠮᠲᠤ ᠰᠢᠢᠳᠬᠡᠯ ᠳᠤᠷᠭᠠᠭᠤᠯᠢ ᠦᠵᠡᠭᠦᠯᠦᠨ᠎ᠡ᠃      ᠥᠷᠭᠡᠨ ᠣᠯᠠᠨ ᠲᠦᠮᠡᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠳᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠮ ᠬᠠᠷᠢᠯᠴᠠᠭᠠᠨ ᠤ ᠮᠠᠭᠤ ᠲᠠᠤᠬᠠᠯ ᠢ ᠳᠠᠪᠴᠢᠨ᠂ ᠪᠣᠯᠪᠠᠰᠤᠨ ᠢᠶᠠᠷ᠂ ᠠᠮᠤᠷ ᠲᠦᠪᠰᠢᠨ ᠢᠶᠠᠷ ᠭᠠᠳᠠᠭᠰᠢ ᠠᠶᠠᠯᠠᠵᠤ᠂ ᠠᠶᠤᠯ ᠦᠭᠡᠢ᠂ ᠡᠶ᠎ᠡ ᠵᠣᠬᠢᠴᠠᠯᠲᠠᠢ᠂ ᠰᠠᠭᠠᠳ ᠦᠭᠡᠢ ᠨᠡᠪᠲᠡᠷᠡᠬᠦ ᠵᠠᠮ ᠬᠠᠷᠢᠯᠴᠠᠭᠠᠨ ᠤ ᠠᠶᠠᠯᠠᠯ ᠤᠨ ᠣᠷᠴᠢᠨ ᠢ ᠬᠠᠮᠲᠤᠪᠠᠷ ᠪᠤᠢ ᠪᠣᠯᠭᠠᠶ᠎ᠠ᠃      ᠡᠭᠦᠨ ᠤ ᠲᠤᠯᠠ ᠤᠨᠴᠠᠭᠠᠶᠢᠯᠠᠨ ᠵᠠᠷᠯᠠᠨ ᠮᠡᠳᠡᠭᠳᠡᠪᠡ                     ᠠᠷᠤ   ᠬᠤᠷᠴᠢᠨ   ᠬᠤᠰᠢᠭᠤᠨ   ᠤ   ᠳᠣᠲᠣᠭᠠᠳᠤ   ᠶᠢ   ᠬᠠᠮᠠᠭᠠᠯᠠᠬᠤ                     ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                                          2024 ᠣᠨ ᠤ 3 ᠰᠠᠷ᠎ᠠ ᠶᠢᠨ 25 ᠤ ᠡᠳᠦᠷ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号