2023 ᠣᠨ ᠳᠤ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ ᠠᠮᠠ ᠪᠠᠭ᠎ᠠ ᠬᠡᠮᠵᠢᠶ᠎ᠡ ᠪᠠᠷ ᠪᠠᠭᠠᠰᠴᠤ᠂ ᠬᠥᠮᠦᠨ ᠠᠮᠠ ᠶᠢᠨ ᠪᠦᠲᠦᠴᠡ ᠦᠨᠳᠦᠰᠦᠨ ᠳᠡᠭᠡᠨ ᠲᠣᠭᠲᠠᠪᠤᠷᠢᠵᠢᠪᠠ
ᠨᠡᠶᠢᠲᠡᠯᠡᠭᠰᠡᠨ ᠴᠠᠭ᠄
2024/3/28
     2023 ᠣᠨ ᠳᠤ᠂ ᠥᠪᠥᠷ ᠮᠣᠩᠭᠤᠯ ᠤᠨ ᠪᠠᠶᠢᠩᠭᠤ ᠰᠠᠭᠤᠭ᠎ᠠ ᠬᠥᠮᠦᠨ ᠠᠮᠠ 2396.0 ᠲᠦᠮᠡ      ᠪᠣᠯᠵᠣ᠂ ᠲᠦᠷᠦᠭᠦᠦ ᠵᠢᠯ ᠤᠨ ᠬᠢ ᠠᠴᠠ 5.17 ᠲᠦᠮᠡ ᠪᠠᠭᠠᠰᠴᠤ᠂ 0.22% ᠢᠶᠠᠷ ᠪᠠᠭᠠᠰᠪᠠ᠃ ᠡᠭᠦᠨ ᠳᠤ᠂ ᠡᠷᠡᠭᠲᠡᠶ ᠬᠥᠮᠦᠨ ᠠᠮᠠ 1227.07 ᠲᠦᠮᠡ᠂ ᠡᠮᠡᠭᠲᠡᠶ ᠬᠥᠮᠦᠨ ᠠᠮᠠ 1168.93 ᠲᠦᠮᠡ ᠪᠠᠶᠢᠵᠤ᠂ ᠬᠥᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ 104.97 ᠪᠠᠶᠢᠵᠤ᠂ 2022 ᠣᠨ ᠤ ᠬᠢ ᠠᠴᠠ 0.86 ᠳᠡᠭᠡᠭᠰᠢᠯᠡᠪᠡ᠃      ᠨᠢᠭᠡ᠂ ᠬᠤᠲᠠ ᠪᠠᠯᠭᠠᠰᠤᠵᠢᠯᠲᠠ ᠶᠢᠨ ᠬᠢᠷᠢ ᠲᠦᠪᠰᠢᠨ ᠤᠯᠠᠮ ᠳᠡᠭᠡᠭᠰᠢᠯᠡᠪᠡ      2023 ᠣᠨ ᠳᠤ᠂ ᠪᠥᠬᠦ ᠣᠷᠣᠨ ᠤ ᠬᠤᠲᠠ ᠪᠠᠯᠭᠠᠰᠤᠨ ᠤ ᠬᠥᠮᠦᠨ ᠠᠮᠠ 1667.14 ᠲᠦᠮᠡ ᠳᠤ ᠬᠦᠷᠴᠦ᠂ ᠬᠥᠳᠡᠭᠡ ᠲᠣᠰᠬᠤᠨ ᠤ ᠬᠥᠮᠦᠨ ᠠᠮᠠ 728.85 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 69.58% ᠪᠠᠶᠢᠵᠤ᠂ ᠪᠥᠬᠦ ᠤᠯᠤᠰ ᠤᠨ 3.42 ᠵᠠᠭᠤᠨ ᠤ ᠬᠤᠪᠢ ᠶᠢᠨ ᠴᠡᠭ ᠠᠴᠠ ᠥᠨᠳᠥᠷ ᠪᠣᠯᠪᠠ︔ ᠬᠤᠲᠠ ᠪᠠᠯᠭᠠᠰᠤᠵᠢᠯᠲᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 0.98 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠤᠯᠤᠰ ᠠᠴᠠ 0.04 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃      ᠬᠤᠶᠠᠷ᠂ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠤᠷᠮ᠎ᠠ ᠤᠯᠠᠮ ᠳᠣᠷᠣᠭᠰᠢᠯᠠᠪᠠ      2023 ᠣᠨ ᠳᠤ᠂ ᠪᠥᠬᠦ ᠣᠷᠣᠨ ᠤ 12.0 ᠲᠦᠮᠡᠨ ᠬᠥᠮᠦᠨ ᠠᠮᠠ ᠳᠦᠷᠦᠵᠦ᠂ ᠳᠦᠷᠦᠯᠲᠡ ᠶᠢᠨ ᠨᠣᠷᠮ᠎ᠠ 5.0‰ ᠪᠣᠯᠵᠣ᠂ 2022 ᠣᠨ ᠲᠠᠢ ᠬᠠᠷᠢᠴᠠᠭᠤᠯᠪᠠᠯ᠂ ᠳᠦᠷᠦᠯᠲᠡ ᠶᠢᠨ ᠬᠥᠮᠦᠨ ᠠᠮᠠ 1.4 ᠲᠦᠮᠡ ᠪᠠᠭᠠᠰᠴᠤ᠂ ᠳᠦᠷᠦᠯᠲᠡ ᠶᠢᠨ ᠨᠣᠷᠮ᠎ᠠ 0.58 ᠮᠢᠩᠭᠠᠨ ᠤ ᠴᠡᠭ ᠪᠠᠭᠤᠷᠠᠪᠠ︔ ᠪᠥᠬᠦ ᠵᠢᠯ ᠳᠤ ᠨᠠᠰᠤ ᠪᠠᠷᠠᠭᠰᠠᠨ ᠬᠥᠮᠦᠨ ᠠᠮᠠ 20.2 ᠲᠦᠮᠡ ᠪᠠᠶᠢᠵᠤ᠂ ᠨᠠᠰᠤ ᠪᠠᠷᠠᠭᠰᠠᠨ ᠨᠣᠷᠮ᠎ᠠ 8.42‰ ᠳᠤ ᠬᠦᠷᠴᠦ᠂ 2022 ᠣᠨ ᠤ ᠬᠢ ᠲᠠᠢ ᠬᠠᠷᠢᠴᠠᠭᠤᠯᠪᠠᠯ᠂ ᠨᠠᠰᠤ ᠪᠠᠷᠠᠭᠰᠠᠨ ᠬᠥᠮᠦᠨ ᠠᠮᠠ 1.4 ᠲᠦᠮᠡ ᠨᠡᠮᠡᠭᠳᠡᠨ᠂ ᠨᠠᠰᠤ ᠪᠠᠷᠠᠭᠰᠠᠨ ᠨᠣᠷᠮ᠎ᠠ 0.59 ᠮᠢᠩᠭᠠᠨ ᠬᠤᠪᠢ ᠶᠢᠨ ᠴᠡᠭ ᠳᠡᠭᠡᠭᠰᠢᠯᠡᠪᠡ᠃ ᠬᠥᠮᠦᠨ ᠠᠮᠠ ᠶᠢᠨ ᠠᠶᠠᠨᠳᠠᠭᠠᠨ ᠨᠡᠮᠡᠭᠳᠡᠬᠦ ᠨᠣᠷᠮ᠎ᠠ   - 3.4‰ ᠪᠣᠯᠵᠣ᠂ ᠠᠳᠠᠯᠢ ᠬᠤᠭᠤᠴᠠᠭᠠᠨ ᠤ ᠬᠢ ᠠᠴᠠ 1.17 ᠮᠢᠩᠭᠠᠨ ᠤ ᠬᠤᠪᠢ ᠶᠢᠨ ᠴᠡᠭ ᠪᠠᠭᠤᠷᠠᠪᠠ᠃     ᠭᠤᠷᠪᠠ᠂ ᠬᠥᠮᠦᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠤᠯᠠᠮ ᠭᠦᠨᠵᠡᠭᠡᠶᠢᠷᠡᠪᠡ      2023 ᠣᠨ ᠳᠤ᠂ ᠪᠥᠬᠦ ᠣᠷᠣᠨ ᠤ 0-15 ᠨᠠᠰᠤᠨ ᠤ ᠬᠡᠦᠬᠡᠳ ᠪᠠᠭᠠᠴᠤᠳ 331.07 ᠲᠦᠮᠡᠨ ᠬᠥᠮᠦᠨ ᠪᠠᠶᠢᠵᠤ᠂ ᠲᠦᠷᠦᠭᠦᠦ ᠵᠢᠯ ᠤᠨ ᠬᠢ ᠠᠴᠠ 12.06 ᠲᠦᠮᠡᠨ ᠬᠥᠮᠦᠨ ᠪᠠᠭᠠᠰᠴᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠤ ᠡᠵᠡᠯᠡᠬᠦ ᠬᠤᠪᠢ ᠶᠢᠨ ᠵᠢᠩ ᠨᠢ 13.82% ᠪᠣᠯᠵᠣ᠂ ᠲᠦᠷᠦᠭᠦᠦ ᠵᠢᠯ ᠤᠨ ᠬᠢ ᠠᠴᠠ 0.47 ᠵᠠᠭᠤᠨ ᠤ ᠬᠤᠪᠢ ᠶᠢᠨ ᠴᠡᠭ ᠪᠠᠭᠤᠷᠠᠪᠠ︔ 16 - 59 ᠨᠠᠰᠤᠨ ᠤ ᠬᠥᠳᠡᠯᠮᠦᠷᠢᠯᠡᠬᠦ ᠨᠠᠰᠤᠨ ᠤ ᠬᠥᠮᠦᠨ ᠠᠮᠠ 1518.54 ᠲᠦᠮᠡ ᠪᠠᠶᠢᠵᠤ᠂ ᠲᠦᠷᠦᠭᠦᠦ ᠵᠢᠯ ᠤᠨ ᠬᠢ ᠠᠴᠠ 24.45 ᠲᠦᠮᠡ ᠪᠠᠭᠠᠰᠴᠤ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢᠨ 63.38% ᠶᠢ ᠡᠵᠡᠯᠡᠵᠦ᠂ ᠲᠦᠷᠦᠭᠦᠦ ᠵᠢᠯ ᠤᠨ ᠬᠢ ᠠᠴᠠ 0. 88 ᠵᠠᠭᠤᠨ ᠤ ᠬᠤᠪᠢ ᠶᠢᠨ ᠴᠡᠭ ᠪᠠᠭᠤᠷᠠᠪᠠ︔ 60 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ 546.38 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ 31.33 ᠲᠦᠮᠡᠨ ᠬᠥᠮᠦᠨ ᠨᠡᠮᠡᠭᠳᠡᠵᠡᠢ︔ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠤ ᠡᠵᠡᠯᠡᠬᠦ ᠬᠤᠪᠢ ᠶᠢᠨ ᠵᠢᠩ ᠨᠢ 22. 80% ᠪᠠᠶᠢᠵᠤ᠂ ᠳᠡᠭᠡᠷ᠎ᠡ ᠵᠢᠯ ᠤᠨ ᠬᠢ ᠠᠴᠠ 1.35 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠬᠥᠮᠦᠨ ᠠᠮᠠ ᠶᠢᠨ ᠶᠡᠷᠦᠩᠬᠡᠶ ᠠᠰᠠᠷᠠᠨ ᠲᠡᠵᠢᠭᠡᠬᠦ ᠬᠠᠷᠢᠴᠠᠯ ᠲᠠᠰᠤᠷᠠᠯᠲᠠ ᠥᠬᠡᠶ ᠳᠡᠭᠡᠭᠰᠢᠯᠡᠪᠡ᠃      ᠳᠥᠷᠪᠡ᠂ ᠬᠥᠮᠦᠨ ᠠᠮᠠ ᠶᠢᠨ ᠲᠥᠪᠯᠡᠷᠡᠯ ᠤᠨ ᠬᠡᠮᠵᠢᠶ᠎ᠡ ᠤᠯᠠᠮ ᠴᠢᠩᠭᠠᠷᠠᠪᠠ      2023 ᠣᠨ ᠳᠤ᠂ ᠡᠯ᠎ᠡ ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ︽3 ᠨᠡᠮᠡᠭᠳᠡᠵᠦ 9 ᠪᠠᠭᠤᠷᠠᠬᠤ︾ ᠪᠠᠶᠢᠳᠠᠯ ᠢᠯᠡᠷᠡᠪᠡ᠃ ᠬᠥᠮᠦᠨ ᠠᠮᠠ ᠨᠡᠮᠡᠭᠳᠡᠭᠰᠡᠨ ᠠᠶᠢᠮᠠᠭ ᠬᠤᠲᠠ ᠨᠢ ᠲᠣᠰ ᠲᠣᠰ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠪᠠᠶᠢᠵᠤ᠂ 3 ᠠᠶᠢᠮᠠᠭ ᠬᠤᠲᠠ ᠶᠢᠨ ᠪᠠᠶᠢᠩᠭᠤ ᠰᠠᠭᠤᠭ᠎ᠠ ᠬᠥᠮᠦᠨ ᠠᠮᠠ ᠨᠡᠶᠢᠲᠡ 858.61 ᠲᠦᠮᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 9.39 ᠲᠦᠮᠡ ᠨᠡᠮᠡᠭᠳᠡᠵᠦ᠂ ᠪᠥᠬᠦ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠤ ᠡᠵᠡᠯᠡᠬᠦ ᠬᠤᠪᠢ ᠶᠢᠨ ᠵᠢᠩ ᠨᠢ 35.8% ᠳᠤ ᠬᠦᠷᠴᠦ᠂ ᠲᠦᠷᠦᠭᠦᠦ ᠵᠢᠯ ᠤᠨ ᠬᠢ ᠠᠴᠠ 0.5 ᠵᠠᠭᠤᠨ ᠤ ᠬᠤᠪᠢ ᠶᠢᠨ ᠴᠡᠭ ᠰᠢᠬᠠᠮ ᠳᠡᠭᠡᠭᠰᠢᠯᠡᠵᠦ᠂ ᠬᠥᠮᠦᠨ ᠠᠮᠠ ᠨᠢ ᠡᠬᠢ ᠪᠠᠶᠠᠯᠢᠭ ᠤᠨ ᠡᠯᠧᠮᠧᠨ᠋ᠲ ᠲᠥᠪᠯᠡᠷᠡᠭᠰᠡᠨ ᠭᠠᠵᠠᠷ ᠣᠷᠣᠨ ᠳᠠᠰᠢ ᠰᠢᠯᠵᠢᠬᠦ ᠬᠠᠨᠳᠤᠰᠢ ᠤᠯᠠᠮ ᠲᠣᠪᠤᠶᠢᠮ᠎ᠠ ᠪᠣᠯᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号