ᠨᠢᠭᠡᠳᠦᠭᠡᠷ ᠤᠯᠠᠷᠢᠯ ᠳᠤ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ
ᠨᠡᠶᠢᠲᠡᠯᠡᠭᠰᠡᠨ ᠴᠠᠭ᠄
2024/4/23
     ᠡᠨᠡ ᠵᠢᠯ ᠠᠴᠠ ᠨᠠᠭᠠᠰᠢ᠂ ᠪᠥᠬᠦ ᠣᠷᠣᠨ ︽ᠵᠢᠷᠭᠤᠭᠠᠨ ᠢᠨᠵᠧᠨᠧᠷᠢᠩ︾ ᠢ ᠶᠡᠭᠡ ᠪᠠᠷ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠢᠳᠡᠪᠬᠢᠲᠡᠶ ᠠᠬᠢᠭᠤᠯᠪᠠ᠃ ᠴᠢᠬᠤᠯᠠ ᠶᠡᠭᠡ ᠲᠦᠰᠦᠯ ᠤᠨ ᠲᠤᠭ᠎ᠠ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢ ᠲᠦᠷᠭᠡᠨ ᠨᠡᠮᠡᠭᠳᠡᠭᠦᠯᠦᠨ᠂ ᠪᠡᠯᠡ ᠣᠷᠣᠭᠤᠯᠤᠯᠲᠠ ᠶᠢᠨ ᠪᠦᠲᠦᠴᠡ ᠶᠢ ᠤᠯᠠᠮ      ᠰᠢᠯᠢᠳᠡᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢ ᠪᠠᠲᠤᠯᠠᠬᠤ ᠡᠷᠴᠢᠮ ᠢ ᠨᠡᠮᠡᠭᠳᠡᠭᠦᠯᠦᠨ᠂ ᠪᠦᠬᠦ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠯᠢᠶᠡᠳ ᠲᠦᠷᠭᠡᠨ ᠨᠡᠮᠡᠭᠳᠡᠯ ᠢ ᠪᠠᠳᠤᠯᠠᠪᠠ᠃ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠵᠦ᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃      ᠨᠢᠭᠡ᠂ ᠴᠢᠬᠤᠯᠠ ᠶᠡᠭᠡ ᠲᠦᠰᠦᠯ ᠤᠨ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠪᠠ      ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠷᠢᠯᠭ᠎ᠠ ᠶᠢᠨ ᠲᠦᠰᠦᠯ 1250 ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 188 ᠨᠡᠮᠡᠭᠳᠡᠵᠦ᠂ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 37.7% ᠪᠠᠷ ᠪᠡᠶᠡᠯᠡᠭᠦᠯᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 6.2 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 82.1% ᠳᠤ ᠬᠦᠷᠴᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 29.5 ᠵᠠᠭᠤᠨ ᠤ ᠬᠤᠪᠢ ᠶᠢᠨ ᠴᠡᠭ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 93.8% ᠪᠣᠯᠵᠠᠶ᠃      ᠬᠤᠶᠠᠷ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠪᠡ      ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 35.3% ᠪᠠᠷ ᠨᠡᠮᠡᠭᠳᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 3.8 ᠵᠠᠭᠤᠨ ᠤ ᠬᠤᠪᠢ ᠶᠢᠨ ᠴᠡᠭ ᠥᠨᠳᠥᠷ ᠪᠣᠯᠵᠣ᠂ ᠪᠥᠬᠦ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ 68.7% ᠪᠣᠯᠵᠣ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.9 ᠵᠠᠭᠤᠨ ᠤ ᠬᠤᠪᠢ ᠶᠢᠨ ᠴᠡᠭ ᠳᠡᠭᠡᠭᠰᠢᠯᠡᠵᠦ᠂ ᠪᠥᠬᠦ ᠣᠷᠣᠨ ᠤ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ      23. 6 ᠵᠠᠭᠤᠨ ᠤ ᠬᠤᠪᠢ ᠶᠢᠨ ᠴᠡᠭ ᠳᠠᠶᠢᠴᠢᠯᠠᠪᠠ᠃ ᠡᠭᠦᠨ ᠳᠤ᠂ ᠲᠥᠬᠦᠭᠡᠷᠦᠮᠵᠢ ᠶᠢᠨ ᠰᠢᠨᠡᠴᠢᠯᠡᠯᠲᠡ ᠨᠢ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠠᠬᠢᠭᠤᠯᠪᠠ᠃ ᠨᠢᠭᠡᠳᠦᠭᠡᠷ ᠤᠯᠠᠷᠢᠯ ᠳᠤ᠂ ᠪᠦᠬᠦ ᠣᠷᠣᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ 43.6% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 3.0% ᠠᠴᠠ ᠳᠡᠭᠡᠭᠰᠢᠯᠡᠭᠡᠳ 3.2% ᠪᠣᠯᠪᠠ᠃ ᠡᠭᠦᠨ ᠳᠤ᠂ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ           42. 6% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ ᠬᠠᠭᠠᠰ ᠰᠢᠬᠠᠮ ᠪᠣᠯᠵᠠᠶ᠃      ᠭᠤᠷᠪᠠ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢᠨ ᠬᠦᠴᠦᠯᠡᠴᠡ ᠶᠢ ᠪᠠᠳᠤᠯᠠᠪᠠ      ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ︵ᠴᠠᠬᠢᠯᠭᠠᠨ ᠬᠦᠴᠦ᠂ ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠪᠠᠭᠲᠠᠬᠤ ᠥᠬᠡᠶ︶ ᠠᠳᠠᠯᠢ ᠬᠤᠭᠤᠴᠠᠭᠠᠨ ᠤ ᠬᠢ ᠠᠴᠠ 31.9% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 0.4 ᠵᠠᠭᠤᠨ ᠤ ᠬᠤᠪᠢ ᠶᠢᠨ ᠴᠡᠭ ᠥᠨᠳᠥᠷ ᠪᠣᠯᠪᠠ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠪᠠᠯᠠ ᠣᠷᠣᠭᠤᠯᠤᠯᠲᠠ 51.8% ᠪᠠᠷ ᠨᠡᠮᠡᠭᠳᠡᠵᠦ᠂ ᠮᠡᠳᠡᠭᠡ ᠵᠠᠩᠭᠢ ᠶᠢᠨ ᠳᠠᠮᠵᠢᠭᠤᠯᠭ᠎ᠠ ᠶᠢᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠠᠯᠠ ᠣᠷᠣᠭᠤᠯᠤᠯᠲᠠ 2.0 ᠳᠠᠬᠢᠨ ᠢᠶᠠᠷ ᠨᠡᠮᠡᠭᠳᠡᠵᠦ᠂ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠠᠯᠠ ᠣᠷᠣᠭᠤᠯᠤᠯᠲᠠ     5. 6% ᠪᠠᠷ ᠨᠡᠮᠡᠭᠳᠡᠪᠡ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠲᠤᠭ᠎ᠠ ᠪᠦᠷᠢᠳᠭᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号