︵2021 ᠣᠨ ᠤ 7 ᠰᠠᠷ᠎ᠠ ᠶᠢᠨ 29 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠳᠣᠯᠣᠳᠤᠭᠠᠷ ᠬᠤᠷᠠᠯ ᠠᠴᠠ ᠪᠠᠲᠤᠯᠠᠪᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ ︵ᠲᠠᠪᠢᠨ ᠵᠢᠷᠭᠤᠳᠤᠭᠠᠷ | ᠲᠣᠭᠠᠲᠤ︶ | 2021 ᠣᠨ ᠤ 7 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠬᠤᠷᠢᠨ ᠳᠣᠯᠣᠳᠤᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ | ᠪᠡᠯᠴᠢᠭᠡᠷ ᠤᠨ ᠲᠠᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠲᠦᠷᠢᠮ︾ | ᠢ ᠪᠠᠲᠤᠯᠠᠪᠠ᠂ ᠤᠳᠤ ᠨᠡᠶᠢᠲᠡᠯᠡᠰᠤᠭᠡᠢ᠂ 2021 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ | 2021 ᠣᠨ ᠤ 7 ᠰᠠᠷ᠎ᠠ ᠶᠢᠨ 29 ᠤ ᠡᠳᠦᠷ | | ᠨᠢᠭᠡᠳᠦᠭᠡᠷ ᠵᠦᠢᠯ ᠬᠠᠤᠯᠢ ᠶᠤᠰᠤᠭᠠᠷ ᠨᠤᠲᠤᠭ ᠪᠡᠯᠴᠢᠭᠡᠷ ᠢ ᠬᠠᠮᠠᠭᠠᠯᠠᠨ ᠠᠮᠢ ᠠᠬᠤᠶ ᠶᠢᠨ ᠠᠮᠤᠷ | ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢᠳᠡ ᠦᠷᠭᠦᠯᠵᠢᠯᠡᠨ ᠠᠰᠢᠡᠡᠯᠠᠬᠤ ᠶᠢ | ᠪᠡᠶᠡᠯᠡᠭᠦᠯᠵᠦ᠂ ᠪᠡᠯᠴᠢᠬᠡᠷ ᠤᠨ ᠮᠠᠯ ᠠᠵᠤ ᠠᠬᠤᠶ ᠶᠢᠨ ᠬᠥᠭᠵᠢᠯᠲᠡ ᠬᠢᠭᠡᠳ ᠨᠤᠲᠤᠭ ᠪᠡᠯᠴᠢᠭᠡᠷ ᠤᠨ ᠠᠮᠢ | ᠠᠬᠤᠶ ᠶᠢᠨ ᠬᠠᠮᠠᠭᠠᠯᠠᠯᠲᠠ ᠶᠢ ᠬᠠᠷᠢᠯᠴᠠᠨ ᠵᠣᠬᠢᠴᠠᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠣᠯᠤᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ | ᠲᠤᠰ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ | ᠪᠠᠶᠢᠭᠠᠯᠢ ᠶᠢᠨ ᠨᠤᠲᠤᠭ ᠪᠡᠯᠴᠢᠭᠡᠷ ᠢ ᠠᠰᠢᠡᠡᠯᠠᠨ ᠮᠠᠯ ᠠᠵᠤ ᠠᠬᠤᠶ ᠶᠢᠨ ᠦᠢᠯᠡᠳᠪᠤᠷᠢᠯᠡᠯ ᠡᠵᠡᠩᠨᠡᠯᠲᠡ ᠶᠢᠨ | ᠠᠵᠢᠯᠯᠠᠭ᠎ᠠ ᠡᠷᠬᠢᠯᠡᠵᠦ᠂ ᠬᠠᠮᠢᠶ᠎ᠠ ᠪᠥᠬᠦᠶ ᠬᠢᠨᠠᠯᠲᠠ ᠬᠠᠮᠢᠶᠠᠷᠤᠯᠲᠠ ᠶᠢᠨ ᠠᠵᠢᠯ ᠥᠷᠨᠢᠭᠦᠯᠬᠦ ᠳᠤ ᠲᠣᠰ ᠲᠦᠷᠢᠮ ᠢ | ᠵᠢᠷᠤᠮᠯᠠᠨ᠎ᠠ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠳᠤ ᠠᠮᠢ ᠠᠬᠤᠶ ᠶᠢ ᠤᠷᠢᠳ ᠢᠶᠠᠷ | ᠪᠤᠳᠤᠯᠬᠢᠯᠠᠬᠤ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ︔ ᠨᠤᠲᠤᠭ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ | ᠴᠢᠭᠯᠡᠯᠲᠡ ᠶᠢ ᠪᠠᠷᠢᠮᠲᠠᠯᠠᠨ᠎ᠠ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠲᠥᠷᠥᠯ ᠬᠤᠪᠢᠶᠠᠨ | ᠵᠢᠯᠣᠭᠤᠳᠬᠤ᠂ ᠪᠡᠯᠴᠢᠭᠡᠷ ᠤᠨ ᠪᠠᠶᠢᠳᠠᠯ ᠢᠶᠠᠷ ᠮᠠᠯ ᠤᠨ ᠲᠤᠭ᠎ᠠ ᠶᠢ ᠳᠤᠭᠳᠠᠭᠠᠵᠤ ᠬᠥᠳᠡᠯᠦᠩᠭᠦᠶ ᠲᠡᠩᠴᠡᠭᠦᠷᠢ ᠶᠢ | ᠪᠠᠳᠤᠯᠠᠬᠤ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠵᠤ ᠱᠠᠩᠨᠠᠵᠤ ᠲᠤᠷᠭᠠᠬᠤ ᠶᠢ ᠵᠡᠷᠭᠡ ᠪᠠᠷ ᠬᠡᠷᠡᠭᠵᠢᠭᠦᠯᠬᠦ | ᠵᠠᠷᠴᠢᠮ ᠢ ᠪᠠᠷᠢᠮᠲᠠᠯᠠᠨ᠎ᠠ᠃ | ᠳᠥᠷᠪᠡᠳᠦᠭᠡᠷ ᠵᠦᠢᠯ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠬᠤ ᠳᠠᠭᠠᠨ ᠨᠤᠲᠤᠭ ᠪᠡᠯᠴᠢᠭᠡᠷ ᠤᠨ ᠠᠮᠢ ᠠᠬᠤᠶ ᠶᠢ | ᠬᠠᠮᠠᠭᠠᠯᠠᠵᠤ ᠰᠡᠷᠭᠦᠭᠡᠨ ᠵᠠᠰᠠᠬᠤ ᠢᠨᠵᠧᠨᠧᠷᠢᠩ ᠤᠨ ᠲᠥᠷᠥᠯ ᠵᠦᠢᠯ ᠲᠠᠢ ᠤᠶᠠᠯᠳᠤᠭᠤᠯᠵᠤ᠂ ᠨᠤᠲᠤᠭ ᠪᠡᠯᠴᠢᠭᠡᠷ ᠤᠨ | ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠣᠯᠠᠨ ᠡᠰᠢᠵᠢᠭᠰᠡᠨ ᠨᠥᠬᠦᠪᠥᠷᠢ ᠤᠯᠭᠤᠬᠤ | ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠨ ᠦᠷ᠎ᠡ ᠪᠦᠲᠦᠮᠵᠢ ᠶᠢ | ᠨᠦᠬᠦᠪᠤᠷᠢ ᠪᠠ ᠱᠠᠩᠨᠠᠯ ᠤᠨ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠬᠤ ᠤᠷᠮᠠᠰᠢᠭᠤᠯᠵᠤ ᠬᠢᠵᠠᠭᠠᠷᠯᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠳ ᠲᠤ | ᠨᠥᠬᠦᠪᠥᠷᠢ ᠤᠯᠭᠤᠵᠤ ᠨᠤᠲᠤᠭ ᠪᠡᠯᠴᠢᠭᠡᠷ ᠤᠨ ᠠᠮᠢ ᠠᠬᠤᠢ ᠶᠢ ᠬᠤᠬᠢᠷᠠᠭᠤᠯᠤᠭᠰᠠᠳ ᠠᠴᠠ ᠲᠦᠯᠦᠪᠤᠷᠢ ᠠᠪᠬᠤ | ᠳᠦᠷᠢᠮ ᠢ ᠴᠢᠩᠭ᠎ᠠ ᠬᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠣᠯ ᠴᠣᠭᠴᠠ ᠪᠤᠯᠬᠤᠷ ᠨᠤᠲᠤᠭ ᠪᠡᠯᠴᠢᠭᠡᠷ ᠢ ᠬᠠᠤᠯᠢ | ᠶᠣᠰᠣᠭᠠᠷ ᠬᠠᠮᠠᠭᠠᠯᠠᠨ ᠵᠦᠢ ᠵᠣᠬᠢᠰᠲᠠᠶ ᠠᠰᠢᠡᠡᠯᠠᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠵᠢᠷᠤᠮᠯᠠᠵᠤ᠂ ᠨᠤᠲᠤᠭ ᠪᠡᠯᠴᠢᠭᠡᠷ ᠢ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ | ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠤᠨ ᠳᠠᠷᠢᠵᠤ ᠲᠡᠵᠢᠭᠡᠬᠦ ᠶᠢ ᠤᠶᠠᠯᠳᠤᠭᠤᠯᠬᠤ᠂ ᠬᠠᠰᠢᠶᠠᠯᠠᠨ ᠲᠡᠵᠢᠭᠡᠬᠦ᠂ ᠡᠭᠦᠯᠳᠡᠷ ᠰᠠᠶᠢᠵᠢᠷᠠᠭᠤᠯᠬᠤ᠂ | ᠰᠦᠷᠦᠭ ᠤᠨ ᠪᠦᠲᠦᠴᠡ ᠪᠠᠨ ᠰᠢᠯᠢᠳᠡᠭᠵᠢᠭᠦᠯᠬᠦ᠂ ᠰᠦᠷᠦᠭ ᠤᠨ ᠡᠷᠭᠢᠯᠲᠡ ᠪᠠᠨ ᠲᠦᠷᠭᠡᠳᠬᠡᠬᠦ᠂ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠡᠯᠴᠢᠬᠡᠷ ᠤᠨ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ᠂ ᠪᠡᠯᠴᠢᠭᠡᠷ ᠤᠨ ᠳᠠᠷᠤᠭᠠᠰᠤ ᠶᠢ ᠬᠥᠩᠭᠡᠷᠡᠭᠦᠯᠬᠦ ᠶᠢ ᠵᠣᠷᠢᠭᠵᠢᠭᠤᠯᠤᠨ᠎ᠠ᠃ | ᠨᠠᠢᠮᠠᠳᠣᠭᠠᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ | ᠭᠡᠳᠡᠭ ᠨᠢ ᠨᠤᠳᠤᠭ ᠪᠡᠯᠴᠢᠭᠡᠷ ᠤᠨ ᠡᠪᠡᠰᠤᠨ ᠤ ᠤᠨᠠᠯᠳᠠ ᠪᠤᠯᠤᠨ ᠵᠦᠶ ᠵᠣᠬᠢᠰᠲᠠᠶ ᠠᠰᠢᠡᠡᠯᠠᠯᠳᠠ ᠳᠤ ᠬᠠᠩᠭᠠᠵᠤ | ᠪᠤᠯᠬᠤᠢᠢᠴᠠ ᠲᠠᠵᠢᠬᠡᠯ ᠡᠪᠡᠰᠦᠨ ᠤ ᠬᠡᠮᠵᠢᠶ᠎ᠡ ᠬᠢᠬᠡᠳ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ ᠬᠡᠷᠡᠭᠰᠡᠬᠦ | ᠲᠠᠵᠢᠬᠡᠯ ᠡᠪᠡᠰᠦᠨ ᠤ ᠬᠡᠮᠵᠢᠶ᠎ᠡ ᠯᠦᠭᠡ ᠶᠢᠨ ᠬᠥᠳᠡᠯᠦᠩᠭᠦᠶ ᠲᠡᠩᠴᠡᠭᠦᠷᠢ ᠶᠢ ᠪᠠᠳᠤᠯᠠᠬᠤ ᠶᠢ ᠵᠢᠭᠠᠵᠤ ᠪᠠᠶᠢᠨ᠎ᠠ᠃ | ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠳᠤ ᠨᠤᠲᠤᠭ ᠪᠡᠯᠴᠢᠭᠡᠷ ᠤᠨ ᠬᠦᠯᠢᠶᠡᠨ ᠠᠪᠬᠤ | ᠴᠢᠳᠠᠪᠤᠷᠢ ᠶᠢ ᠦᠨᠳᠦᠰᠦᠯᠡᠨ ᠲᠣᠬᠢᠷᠠᠮᠵᠢᠳᠠᠢ ᠲᠠᠭᠠᠭᠠᠴᠠ ᠶᠢ ᠬᠢᠨᠠᠨ ᠲᠣᠭᠲᠠᠭᠠᠵᠤ᠂ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠴᠢᠩᠭ᠎ᠠ ᠬᠡᠷᠡᠭᠵᠢᠭᠦᠯᠵᠤ᠂ ᠪᠡᠯᠴᠢᠭᠡᠷ ᠢᠶᠠᠨ ᠬᠡᠰᠡᠭᠯᠡᠨ ᠰᠡᠯᠭᠦᠨ | ᠮᠠᠯᠵᠢᠬᠤ ᠶᠢ ᠵᠣᠷᠢᠭᠵᠢᠭᠤᠯᠤᠨ᠎ᠠ᠃ | ᠶᠢᠰᠦᠳᠦᠭᠡᠷ ᠵᠦᠢᠯ ᠲᠣᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷ ᠢ ᠰᠡᠷᠭᠦᠭᠡᠬᠦ ᠭᠡᠳᠡᠭ ᠨᠢ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ ᠤᠯᠠᠷᠢᠯ ᠤᠨ ᠴᠢᠨᠠᠷᠲᠠᠶ ᠪᠠᠷ ᠪᠡᠯᠴᠢᠭᠡᠷᠯᠡᠭᠦᠯᠬᠦ ᠶᠢ | ᠵᠤᠭᠰᠤᠭᠠᠬᠤ ᠶᠢ ᠵᠢᠭᠠᠵᠤ ᠪᠠᠶᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ | ᠲᠤᠬᠠᠶ ᠶᠢᠨ ᠭᠠᠵᠠᠷ ᠤᠨ ᠢᠶᠠᠨ ᠠᠭᠤᠷ ᠠᠮᠢᠰᠬᠤᠯ ᠤᠨ ᠨᠥᠬᠦᠴᠡᠯ ᠪᠣᠯᠤᠨ ᠪᠡᠯᠴᠢᠬᠡᠷ ᠡᠪᠡᠰᠦ ᠪᠡᠯᠴᠢᠭᠡᠷ ᠤᠨ | ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ᠂ ᠵᠢᠯ ᠪᠦᠷᠢ ᠶᠢᠨ ᠡᠪᠡᠰᠦ ᠪᠡᠯᠴᠢᠭᠡᠷ ᠨᠣᠭᠤᠭᠠᠷᠠᠬᠤ | ᠬᠤᠭᠤᠴᠠᠭᠠᠨ ᠳᠤ ᠪᠡᠯᠴᠢᠭᠡᠷ ᠢ ᠰᠡᠷᠭᠦᠭᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷ ᠢ ᠰᠡᠷᠭᠦᠭᠡᠬᠦ | ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ | ᠠᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠰᠡᠯᠭᠦᠨ ᠮᠠᠯᠵᠢᠬᠤ ᠭᠡᠳᠡᠭ ᠨᠢ ᠨᠤᠲᠤᠭ | ᠪᠡᠯᠴᠢᠭᠡᠷ ᠤᠨ ᠦᠢᠯᠡᠳᠪᠦᠷᠢᠯᠡᠯ ᠤᠨ ᠬᠦᠴᠦᠨ ᠪᠣᠯᠤᠨ ᠪᠡᠯᠴᠢᠬᠡᠷᠯᠡᠬᠦᠯᠦᠨ ᠮᠠᠯᠵᠢᠬᠤ ᠮᠠᠯ ᠤᠨᠤᠭ᠎ᠠ ᠶᠢᠨ | ᠬᠡᠷᠡᠭᠴᠡᠭᠡ ᠶᠢ ᠦᠨᠳᠦᠰᠦᠯᠡᠨ᠂ ᠮᠠᠯᠵᠢᠯ ᠤᠨ ᠪᠡᠯᠴᠢᠭᠡᠷ ᠢᠶᠠᠨ ᠡᠳᠦᠶ ᠲᠡᠳᠦᠶ ᠬᠡᠰᠡᠭ ᠬᠤᠪᠢᠶᠠᠵᠤ᠂ | ᠪᠠᠯᠴᠢᠬᠡᠷᠯᠡᠬᠦᠯᠦᠨ ᠮᠠᠯᠵᠢᠬᠤ ᠳᠡᠰ ᠳᠠᠷᠠᠭᠠᠯᠠᠯ ᠪᠣᠯᠤᠨ ᠦᠶᠡᠯᠡᠯ ᠤᠨ ᠬᠤᠭᠤᠴᠠᠭ᠎ᠠ ᠶᠢ ᠲᠣᠭᠲᠠᠭᠠᠬᠤ ᠠᠷᠭ᠎ᠠ | ᠬᠡᠮᠵᠢᠶ᠎ᠡ ᠶᠢ ᠵᠢᠭᠠᠵᠤ ᠪᠠᠶᠢᠨ᠎ᠠ᠃ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠤᠨ ᠡᠷᠦᠬᠡ ᠬᠤᠯᠪᠣᠭᠠᠯᠠᠨ ᠡᠵᠡᠩᠨᠡᠬᠦ᠂ ᠬᠤᠷᠰᠢᠨ ᠡᠵᠡᠩᠨᠡᠬᠦ ᠵᠡᠷᠭᠡ ᠵᠠᠭᠪᠤᠷ ᠢᠶᠠᠷ ᠳᠠᠮᠵᠢᠨ | ᠪᠡᠯᠴᠢᠭᠡᠷ ᠢᠶᠠᠨ ᠬᠡᠰᠡᠭᠯᠡᠨ ᠰᠡᠯᠭᠦᠨ ᠮᠠᠯᠵᠢᠬᠤ ᠶᠢ ᠵᠣᠷᠢᠭᠵᠢᠭᠤᠯᠤᠨ ᠳᠡᠮᠵᠢᠨ᠎ᠡ᠃ | ᠠᠷᠪᠠᠨ ᠨᠢᠭᠡᠳᠦᠭᠡᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠪᠡᠯᠴᠢᠭᠡᠷᠯᠡᠭᠦᠯᠬᠦ ᠶᠢ ᠵᠤᠭᠰᠤᠭᠠᠬᠤ | ᠭᠡᠳᠡᠭ ᠨᠢ ᠨᠤᠲᠤᠭ ᠪᠡᠯᠴᠢᠭᠡᠷ ᠲᠤ ᠨᠢᠭᠡ ᠵᠢᠯ ᠠᠴᠠ ᠳᠡᠭᠡᠭᠰᠢ ᠮᠠᠯ ᠪᠡᠯᠴᠢᠭᠡᠷᠯᠡᠭᠦᠯᠬᠦ ᠶᠢ ᠵᠤᠭᠰᠤᠭᠠᠬᠤ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠵᠢᠭᠠᠵᠤ ᠪᠠᠶᠢᠨ᠎ᠠ᠃ ᠳᠣᠣᠷᠠᠬᠢ ᠮᠡᠳᠤ ᠶᠢᠨ ᠨᠤᠲᠤᠭ ᠪᠡᠯᠴᠢᠭᠡᠷ ᠢ | ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢᠶᠠᠷ ᠵᠠᠭᠠᠭᠯᠠᠨ ᠲᠣᠭᠲᠠᠭᠠᠬᠤ ᠬᠡᠷᠡᠭᠳᠠᠢ᠄ ︵ᠨᠢᠭᠡ︶ ᠬᠦᠨᠳᠦ ᠨᠣᠴᠢᠲᠠᠶ | ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠬᠤᠶᠠᠷ︶ ᠮᠠᠯ ᠪᠡᠯᠴᠢᠭᠡᠷᠯᠡᠭᠦᠯᠬᠦ ᠳᠤ ᠲᠣᠬᠢᠷᠠᠬᠤ | ᠦᠭᠡᠶ ᠲᠠᠴᠢᠷᠰᠢᠭᠰᠠᠨ ᠪᠠ ᠡᠯᠡᠰᠦᠷᠬᠡᠭᠵᠢᠭᠰᠡᠨ ᠨᠤᠲᠤᠭ ᠪᠡᠯᠴᠢᠭᠡᠷ︔ ︵ᠭᠤᠷᠪᠠ︶ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ︔ ︵ᠳᠥᠷᠪᠡ︶ | ᠪᠡᠯᠴᠢᠭᠡᠷᠯᠡᠭᠦᠯᠬᠦ ᠶᠢ ᠵᠤᠭᠰᠤᠭᠠᠬᠤ ᠴᠢᠬᠤᠯᠠᠲᠠᠶ ᠪᠤᠰᠤᠳ ᠨᠤᠲᠤᠭ ᠪᠡᠯᠴᠢᠭᠡᠷ᠃ | ᠠᠷᠪᠠᠨ ᠬᠤᠶᠠᠳᠤᠭᠠᠷ ᠵᠦᠢᠯ ᠪᠡᠯᠴᠢᠭᠡᠷᠯᠡᠭᠦᠯᠬᠦ ᠶᠢ ᠵᠤᠭᠰᠤᠭᠠᠬᠤ ᠣᠷᠣᠨ ᠢ ᠲᠠᠪᠤᠨ ᠵᠢᠯ ᠪᠦᠷᠢ ᠳᠤ ᠨᠢᠭᠡ | ᠤᠳᠠᠭ᠎ᠠ ᠵᠠᠭᠠᠭᠯᠠᠨ ᠲᠣᠭᠲᠠᠭᠠᠨ᠎ᠠ᠃ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠳᠠᠬᠢ ᠪᠡᠯᠴᠢᠭᠡᠷ ᠠᠴᠠ ᠡᠪᠡᠰᠦ | ᠬᠠᠳᠤᠬᠤ ᠶᠢ ᠴᠢᠩᠭ᠎ᠠ ᠬᠢᠵᠠᠭᠠᠷᠯᠠᠨ᠎ᠠ᠃ ᠤᠷᠭᠤᠮᠠᠯ ᠤᠨ ᠪᠦᠷᠬᠦᠴᠡ ᠨᠢ ᠨᠡᠯᠢᠶᠡᠳ ᠰᠠᠶᠢᠨ ᠰᠡᠷᠭᠦᠭᠰᠡᠨ | ᠪᠡᠯᠴᠢᠭᠡᠷᠯᠡᠭᠦᠯᠬᠦ ᠶᠢ ᠵᠤᠭᠰᠤᠭᠠᠬᠰᠠᠨ ᠣᠷᠣᠨ ᠳᠤ ᠪᠤᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠶ ᠪᠠᠷ ᠡᠪᠡᠰᠦ ᠬᠠᠳᠤᠵᠤ ᠪᠣᠯᠤᠨ᠎ᠠ᠃ | ᠤᠷᠭᠤᠮᠠᠯ ᠤᠨ ᠪᠦᠷᠬᠦᠴᠡ ᠨᠢ ᠪᠦᠲᠦᠮᠵᠢᠲᠡᠶ ᠰᠡᠷᠭᠦᠭᠰᠡᠨ ᠪᠡᠯᠴᠢᠭᠡᠷᠯᠡᠭᠦᠯᠬᠦ ᠶᠢ ᠵᠤᠭᠰᠤᠭᠠᠭᠰᠠᠨ | ᠣᠷᠣᠨ ᠳᠠᠬᠢ ᠨᠤᠲᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ ᠪᠣᠯᠭᠠᠨ | ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠬᠯᠠᠵᠤ ᠪᠣᠯᠤᠨ᠎ᠠ᠃ ᠪᠣᠳᠠᠲᠠᠶ ᠲᠣᠬᠢᠷᠠᠭᠤᠯᠬᠤ | ᠠᠷᠭ᠎ᠠ ᠬᠡᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠬᠦᠷᠢᠶ᠎ᠠ ᠬᠡᠪᠴᠢᠶ᠎ᠡ᠂ ᠪᠡᠯᠴᠢᠬᠡᠷ ᠢ ᠰᠡᠷᠬᠦᠬᠡᠬᠦ ᠴᠠᠭ | ᠬᠤᠭᠤᠴᠠᠭᠠᠨ ᠤ ᠬᠢᠵᠠᠭᠠᠷ ᠵᠡᠷᠭᠡ ᠶᠢ ᠨᠡᠶᠢᠲᠡᠯᠡᠬᠦ ᠶᠢᠨ ᠬᠠᠮᠲᠤ ᠢᠯᠡᠬᠡᠨ ᠭᠠᠵᠠᠷ ᠲᠤ ᠬᠠᠮᠢᠶ᠎ᠠ ᠪᠦᠬᠦᠢ ᠫᠠᠶᠢᠰᠠ | ᠲᠡᠮᠳᠡᠭ ᠢ ᠪᠤᠰᠬᠠᠵᠤ ᠲᠠᠯᠪᠢᠨ᠎ᠠ᠃ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠫᠠᠶᠢᠰᠠ ᠲᠡᠮᠳᠡᠭ ᠢ ᠡᠪᠳᠡᠵᠦ ᠪᠤᠯᠬᠤ ᠦᠬᠡᠢ᠂ ᠳᠤᠷ᠎ᠠ ᠪᠠᠷ ᠢᠶᠠᠨ ᠰᠢᠯᠵᠢᠭᠦᠯᠵᠦ | ᠪᠣᠯᠬᠤ ᠦᠭᠡᠶ᠃ | ᠠᠷᠪᠠᠨ ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠤᠬᠠᠭᠤᠯᠭ᠎ᠠ ᠬᠥᠮᠦᠵᠢᠯ | ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠬᠠᠤᠯᠢ ᠶᠣᠰᠣᠭᠠᠷ ᠨᠤᠲᠤᠭ ᠪᠡᠯᠴᠢᠭᠡᠷ ᠢ ᠬᠠᠮᠠᠭᠠᠯᠠᠬᠤ ᠦᠵᠡᠯ | ᠤᠬᠠᠮᠰᠠᠷ ᠢ ᠲᠠᠬᠡᠭᠰᠢᠯᠡᠬᠦᠯᠤᠨ᠎ᠠ᠃ | ᠠᠷᠪᠠᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠬᠤ | ᠵᠠᠰᠠᠭ ᠤᠨ ᠣᠷᠳᠣᠨ ᠤ ᠬᠢᠨᠠᠯᠳᠠ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠨᠢᠭᠡᠳᠦᠯᠲᠡᠶ | ᠲᠥᠯᠥᠪᠯᠡᠨ᠎ᠡ᠃ ᠠᠶᠢᠮᠠᠭ ᠤᠨ ᠵᠠᠰᠠᠭ ᠵᠠᠬᠢᠷᠭᠠᠨ ᠤ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠵᠢᠯᠣᠭᠤᠳᠴᠦ | ᠬᠢᠨᠠᠯᠲᠠ ᠲᠠᠯᠪᠢᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠵᠠᠰᠠᠭ | ᠵᠠᠬᠢᠷᠭᠠᠨ ᠤ ᠣᠷᠣᠨ ᠤ ᠪᠠᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠣᠷᠣᠨ ᠤ ᠪᠠᠨ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠢ ᠪᠣᠳᠠᠲᠠᠶ | ᠵᠣᠬᠢᠶᠠᠨ ᠪᠠᠶᠢᠭᠤᠯᠵᠤ ᠬᠡᠷᠡᠭᠵᠢᠭᠦᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠤ ᠬᠢᠨᠠᠯᠲᠠ ᠲᠠᠯᠪᠢᠨ ᠬᠠᠮᠢᠶᠠᠷᠬᠤ ᠠᠵᠢᠯ ᠤᠨ | ᠳᠤᠮᠳᠠ ᠪᠠᠨ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠠ᠄ ︵ᠨᠢᠭᠡ︶ ᠨᠤᠲᠤᠭ ᠪᠡᠯᠴᠢᠭᠡᠷ ᠤᠨ ᠵᠠᠰᠠᠭ | ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠮᠠᠯ | ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠤ | ᠬᠢᠨᠠᠯᠲᠠ ᠲᠠᠯᠪᠢᠨ ᠪᠠᠶᠢᠴᠠᠭᠠᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠵᠢᠴᠢ ᠲᠤᠬᠢᠷᠠᠮᠵᠢᠳᠠᠢ ᠪᠡᠯᠴᠢᠭᠡᠷ ᠤᠨ | ᠲᠠᠭᠠᠭᠠᠴᠠ ᠶᠢ ᠬᠢᠨᠠᠨ ᠲᠣᠭᠲᠠᠭᠠᠬᠤ ᠵᠡᠷᠭᠡ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠲᠠᠢ ᠬᠠᠮᠲᠤᠷᠠᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ | ᠪᠠᠷᠢᠮᠵᠢᠶ᠎ᠠ ᠵᠢᠴᠢ ᠠᠷᠭ᠎ᠠ ᠬᠡᠮᠵᠢᠶ᠎ᠠ ᠶᠢ ᠲᠣᠭᠲᠠᠭᠠᠨ᠎ᠠ︔ ︵ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ | ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠨᠦᠬᠦᠪᠦᠷᠢ ᠪᠠ ᠱᠠᠩᠨᠠᠯ ᠤᠨ ᠮᠥᠩᠭᠦ | ᠣᠯᠭᠤᠬᠤ ᠡᠬᠡ ᠳᠠᠩᠰᠠ ᠪᠠᠶᠢᠭᠤᠯᠬᠤ ᠶᠢ ᠬᠠᠷᠢᠭᠤᠴᠠᠵᠤ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠬᠦᠯᠬᠦ ᠪᠠ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ︔ ︵ᠭᠤᠷᠪᠠ︶ | ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ | ᠪᠠ ᠱᠠᠩᠨᠠᠯ ᠤᠨ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠳᠤᠭᠳᠠᠭᠰᠠᠨ ᠴᠠᠭ ᠲᠤ | ᠣᠨᠣᠪᠴᠢᠲᠠᠶ ᠪᠠᠷ ᠣᠯᠭᠤᠬᠤ ᠶᠢ ᠪᠠᠲᠤᠯᠠᠨ᠎ᠠ᠃ | ᠠᠷᠪᠠᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠭᠴᠢᠳ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠡᠭᠦᠷᠭᠡ ᠪᠠᠨ ᠭᠦᠢᠴᠡᠳᠬᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠲᠠᠭᠠᠭᠠᠴᠠ ᠠᠴᠠ | ᠬᠡᠲᠦᠷᠡᠭᠦᠯᠦᠨ ᠮᠠᠯ ᠪᠡᠯᠴᠢᠬᠡᠷᠯᠡᠬᠦᠯᠵᠤ ᠪᠣᠯᠬᠤ ᠦᠭᠡᠶ᠂ ᠪᠡᠯᠴᠢᠭᠡᠷᠯᠡᠭᠦᠯᠬᠦ ᠶᠢ ᠵᠤᠭᠰᠤᠭᠠᠭᠰᠠᠨ ᠣᠷᠣᠨ ᠪᠠ | ᠪᠡᠯᠴᠢᠬᠡᠷ ᠢ ᠰᠡᠷᠬᠦᠬᠡᠬᠦ ᠬᠤᠭᠤᠴᠠᠭᠠᠨ ᠳᠤ ᠮᠠᠯ ᠪᠡᠯᠴᠢᠬᠡᠷᠯᠡᠬᠦᠯᠵᠤ ᠪᠣᠯᠬᠤ ᠦᠭᠡᠶ᠃ ᠡᠵᠡᠩᠨᠡᠯᠳᠡ ᠶᠢᠨ ᠡᠷᠬᠡ ᠶᠢ | ᠭᠦᠢᠯᠭᠡᠬᠡᠵᠤ ᠠᠪᠤᠭᠠᠳ ᠨᠤᠳᠤᠭ ᠪᠡᠯᠴᠢᠬᠡᠷ ᠢ ᠨᠢ ᠡᠵᠡᠩᠨᠡᠵᠤ ᠪᠠᠶᠢᠭ᠎ᠠ ᠵᠣᠬᠢᠶᠠᠨ ᠪᠠᠶᠢᠭᠤᠯᠤᠯᠳᠠ ᠪᠤᠯᠤᠨ ᠬᠤᠪᠢ | ᠬᠥᠮᠦᠨ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ | ᠰᠡᠷᠭᠦᠭᠡᠬᠦ ᠳᠦᠷᠢᠮ ᠢ ᠵᠢᠷᠤᠮᠯᠠᠨ ᠰᠠᠬᠢᠵᠤ᠂ ᠳᠠᠭᠠᠭᠠᠴᠢᠯᠠᠯᠲᠠ ᠶᠢᠨ ᠭᠡᠷ᠎ᠡ ᠵᠢᠴᠢ ᠡᠵᠡᠩᠨᠡᠯᠳᠡ ᠶᠢᠨ ᠡᠷᠬᠡ ᠶᠢ | ᠭᠦᠢᠯᠭᠡᠬᠡᠯᠡᠬᠦ ᠭᠡᠷ᠎ᠡ ᠳᠤ ᠪᠣᠯᠵᠣᠨ ᠲᠣᠭᠲᠠᠭᠰᠠᠨ ᠬᠡᠷᠡᠭᠴᠡᠭᠡ ᠶᠣᠰᠣᠭᠠᠷ ᠨᠤᠲᠤᠭ ᠪᠡᠯᠴᠢᠭᠡᠷ ᠢ ᠵᠦᠢ ᠵᠣᠬᠢᠰᠲᠠᠶ | ᠠᠰᠢᠬᠯᠠᠬᠤ ᠬᠡᠷᠡᠭᠲᠡᠶ᠃ | ᠠᠷᠪᠠᠨ ᠨᠠᠢᠮᠠᠳᠣᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ | ᠰᠡᠷᠭᠦᠭᠡᠬᠦ ᠠᠵᠢᠯ ᠢ ᠲᠤᠰ ᠱᠠᠲᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠡᠭᠡᠨ ᠣᠷᠣᠭᠤᠯᠵᠤ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠭᠡᠷ ᠢ ᠰᠡᠷᠭᠦᠭᠡᠬᠦ ᠠᠵᠢᠯ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ | ᠲᠥᠰᠦᠪ ᠲᠡᠭᠡᠨ ᠣᠷᠣᠭᠤᠯᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ | ᠨᠡᠶᠢᠭᠡᠮ ᠤᠨ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠮᠠᠯ ᠪᠡᠯᠴᠢᠭᠡᠷ ᠤᠨ | ᠲᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠳᠦᠷᠢᠮ ᠤᠨ | ᠲᠣᠭᠲᠠᠭᠠᠯ ᠠᠴᠠ ᠵᠥᠷᠢᠴᠡᠭᠰᠡᠳ ᠢ ᠵᠠᠭᠠᠯᠳᠤᠵᠤ ᠢᠯᠡᠴᠢᠯᠡᠨ ᠮᠡᠳᠡᠭᠦᠯᠬᠦ ᠤᠳᠠᠰᠤ ᠪᠠ ᠵᠠᠬᠢᠳᠠᠯ ᠤᠨ ᠬᠠᠶᠢᠷᠴᠠᠭ | ᠭᠠᠷᠭᠠᠨ ᠨᠡᠶᠢᠲᠡᠯᠡᠵᠦ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠢᠨᠠᠨ | ᠬᠠᠷᠭᠤᠭᠤᠯᠵᠤ ᠰᠢᠢᠳᠪᠣᠷᠢᠯᠡᠬᠦ ᠬᠡᠷᠡᠭᠲᠡᠶ᠃ ᠶᠠᠮᠠᠷᠪᠠ ᠵᠣᠬᠢᠶᠠᠨ ᠪᠠᠶᠢᠭᠤᠯᠤᠯᠲᠠ ᠪᠤᠯᠤᠠ ᠬᠤᠪᠢ ᠬᠥᠮᠦᠨ ᠪᠦᠷ | ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠲᠠᠢ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠤᠷᠤᠨ ᠳᠤ | ᠪᠡᠯᠴᠢᠬᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠪᠡᠯᠴᠢᠭᠡᠷᠯᠡᠭᠦᠯᠬᠦ ᠪᠤᠯᠤᠨ ᠪᠡᠯᠴᠢᠭᠡᠷᠯᠡᠭᠦᠯᠬᠦ ᠶᠢ ᠵᠤᠭᠰᠤᠭᠠᠬᠰᠠᠨ | ᠣᠷᠣᠨ᠂ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ ᠮᠠᠯ ᠪᠡᠯᠴᠢᠭᠡᠷᠯᠡᠭᠦᠯᠬᠦ ᠦᠢᠯᠡ ᠠᠵᠢᠯᠯᠠᠭ᠎ᠠ ᠶᠢ ᠬᠤᠷᠢᠬᠯᠠᠨ | ᠵᠣᠭᠰᠣᠭᠠᠬᠤ ᠪᠠ ᠢᠯᠡᠴᠢᠯᠡᠨ ᠮᠡᠳᠡᠭᠦᠯᠬᠦ ᠡᠷᠬᠡ ᠲᠠᠢ᠃ | ᠬᠤᠷᠢᠳᠤᠭᠠᠷ ᠵᠦᠢᠯ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ᠂ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠲᠠᠪᠤᠨ ᠱᠠᠲᠤᠨ ᠤ ᠣᠶ ᠰᠢᠭᠤᠶ ︵ᠨᠤᠲᠤᠭ ᠪᠡᠯᠴᠢᠭᠡᠷ︶ ᠶᠢᠨ | ᠳᠠᠷᠤᠭ᠎ᠠ ᠶᠢᠨ ᠲᠦᠷᠢᠮ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠶᠢ | ᠲᠤᠳᠤᠷᠬᠠᠢᠢᠯᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠮᠠᠯ ᠪᠡᠯᠴᠢᠭᠡᠷ ᠤᠨ ᠲᠡᠩᠴᠡᠬᠦᠷᠢ ᠶᠢ | ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠬᠦ ᠲᠦᠷᠢᠮ ᠢ ᠨᠠᠶᠢᠳᠠᠪᠤᠷᠢᠵᠢᠭᠤᠯᠬᠤ ᠠᠵᠢᠯ ᠢ | ᠵᠢᠯ ᠤᠨ ᠬᠠᠷᠠᠯᠲᠠᠲᠤ ᠬᠢᠨᠠᠨ ᠰᠢᠯᠭᠠᠯᠳᠡ ᠳᠠᠭᠠᠨ ᠣᠷᠣᠭᠤᠯᠵᠤ᠂ ᠬᠢᠨᠠᠨ ᠰᠢᠯᠭᠠᠬᠤ ᠭᠦᠢᠴᠡᠳᠭᠡᠯ ᠲᠤᠭ᠎ᠠ ᠶᠢ | ᠨᠠᠷᠢᠯᠢᠬᠵᠢᠭᠤᠯᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ | ᠠᠬᠤᠶ ᠶᠢᠨ ᠰᠠᠯᠠᠭ᠎ᠠ ᠮᠥᠴᠢᠷ ᠲᠠᠢ ᠬᠠᠮᠳᠤᠷᠡᠵᠤ᠂ ᠠᠳᠠᠯᠢ ᠪᠤᠰᠤ ᠨᠤᠲᠤᠭ ᠪᠡᠯᠴᠢᠭᠡᠷ ᠤᠨ ᠲᠥᠷᠥᠯ ᠬᠡᠯᠪᠡᠷᠢ ᠶᠢᠨ | ᠣᠨᠴᠠᠯᠢᠭ᠂ ᠪᠠᠶᠢᠳᠠᠯ ᠵᠢᠴᠢ ᠠᠭᠤᠷ ᠠᠮᠢᠰᠬᠤᠯ ᠤᠨ ᠡᠯᠧᠮᠧᠨ᠋ᠲ ᠵᠡᠷᠭᠡ ᠶᠢ ᠦᠨᠳᠦᠰᠦᠯᠡᠨ᠂ ᠤᠯᠤᠰ ᠤᠨ | ᠬᠤᠯᠪᠣᠭᠳᠠᠯ ᠪᠦᠬᠦᠢ ᠪᠠᠷᠢᠮᠵᠢᠶ᠎ᠠ ᠪᠠᠷ ᠦᠨᠳᠦᠰᠦᠯᠡᠯ ᠪᠤᠯᠭᠠᠵᠤ᠂ ᠠᠳᠠᠯᠢ ᠪᠤᠰᠤ ᠲᠥᠷᠥᠯ ᠤᠨ ᠨᠤᠲᠤᠭ | ᠪᠡᠯᠴᠢᠭᠡᠷ ᠤᠨ ᠲᠤᠬᠢᠷᠠᠮᠵᠢᠳᠠᠢ ᠲᠠᠭᠠᠭᠠᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠳᠡᠯᠡᠨ᠎ᠠ᠃ ᠬᠤᠰᠢᠭᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ | ᠲᠤᠬᠢᠷᠠᠮᠵᠢᠳᠡᠢ ᠪᠡᠯᠴᠢᠬᠡᠷ ᠤᠨ ᠲᠠᠭᠠᠭᠠᠴᠠ ᠶᠢ ᠦᠨᠳᠦᠰᠦᠯᠡᠵᠤ᠂ ᠲᠤᠬᠠᠶ ᠶᠢᠨ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠠᠶ ᠪᠡᠯᠴᠢᠬᠡᠷ ᠤᠨ | ᠲᠠᠭᠠᠭᠠᠴᠠ ᠶᠢ ᠬᠢᠨᠠᠨ ᠲᠣᠭᠲᠠᠭᠠᠬᠤ ᠶᠢᠨ ᠬᠠᠮᠲᠤ ᠨᠡᠶᠢᠲᠡᠯᠡᠨ᠎ᠠ᠃ ᠤᠨᠴᠡ ᠶᠡᠭᠡ ᠭᠠᠩ ᠬᠠᠭᠰᠠᠷᠠᠭᠠᠨ | ᠲᠣᠬᠢᠶᠠᠯᠳᠤᠪᠠᠯ ᠲᠤᠬᠠᠢ ᠶᠢᠨ ᠵᠢᠯ ᠤᠨ ᠢᠶᠠᠨ ᠪᠣᠳᠠᠲᠠᠢ ᠪᠡᠯᠴᠢᠬᠡᠷ ᠤᠨ ᠲᠠᠭᠠᠭᠠᠴᠠ ᠳᠤ ᠲᠣᠬᠢᠷᠠᠭᠤᠯᠤᠯᠲᠠ ᠬᠢᠨ᠎ᠠ᠃ | ᠪᠣᠳᠠᠲᠠᠶ ᠪᠡᠯᠴᠢᠬᠡᠷ ᠤᠨ ᠲᠠᠭᠠᠭᠠᠴᠠ ᠶᠢ ᠬᠢᠨᠠᠨ ᠲᠣᠭᠲᠠᠭᠠᠬᠤ ᠳᠠᠭᠠᠨ ᠨᠤᠲᠤᠭ ᠪᠡᠯᠴᠢᠭᠡᠷ ᠤᠨ ᠬᠡᠷᠡᠭᠯᠡᠭᠴᠢᠳ᠂ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠤᠨ ᠰᠠᠨᠠᠯ ᠢ ᠭᠦᠢᠴᠡᠳ ᠰᠣᠨᠣᠰᠴᠤ᠂ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠨᠤᠳᠠᠯᠠᠯᠳᠠ ᠬᠢᠯᠬᠡᠬᠦ ᠬᠡᠷᠡᠭᠲᠡᠶ᠃ ᠪᠣᠳᠠᠲᠠᠶ ᠪᠡᠯᠴᠢᠬᠡᠷ ᠤᠨ ᠲᠠᠭᠠᠭᠠᠴᠠ ᠶᠢ | ᠨᠤᠲᠤᠭ ᠪᠡᠯᠴᠢᠭᠡᠷ ᠤᠨ ᠬᠡᠷᠡᠭᠯᠡᠭᠴᠢ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢ ᠳᠤ ᠡᠷᠦᠬᠡ ᠳᠠᠷᠠᠭᠠᠯᠠᠨ | ᠨᠠᠶᠢᠳᠠᠪᠤᠷᠢᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠲᠠᠷᠢᠵᠤ ᠲᠡᠵᠢᠭᠡᠬᠦ ᠶᠢ ᠤᠶᠠᠯᠳᠤᠭᠤᠯᠬᠤ ᠪᠠ ᠬᠠᠰᠢᠶᠠᠯᠠᠨ ᠲᠡᠵᠢᠭᠡᠬᠦ | ᠨᠥᠬᠦᠴᠡᠯ ᠢ ᠪᠦᠷᠢᠯᠳᠦᠭᠦᠯᠦᠭᠰᠡᠨ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠤ ᠬᠢᠨ ᠮᠠᠯ ᠪᠡᠯᠴᠢᠭᠡᠷ ᠤᠨ | ᠲᠡᠩᠴᠡᠬᠦᠷᠢ ᠶᠢ ᠪᠠᠲᠤᠯᠠᠭᠰᠠᠨ ᠤᠷᠢᠲᠠᠯ ᠳᠣᠣᠷ᠎ᠠ᠂ ᠲᠠᠷᠢᠮᠠᠯ ᠡᠪᠡᠰᠦ ᠪᠣᠷᠳᠣᠭᠠᠨ ᠤ ᠬᠠᠩᠭᠠᠯᠭ᠎ᠠ ᠶᠢᠨ ᠪᠠᠶᠢᠳᠠᠯ ᠢᠶᠠᠨ | ᠦᠨᠳᠦᠰᠦᠯᠡᠨ᠂ ᠮᠠᠯ ᠤᠨᠤᠭ᠎ᠠ ᠲᠡᠵᠢᠭᠡᠬᠦ ᠬᠡᠮᠵᠢᠶ᠎ᠡ ᠪᠠᠨ ᠵᠣᠬᠢᠰᠲᠠᠶ ᠪᠠᠷ ᠨᠡᠮᠡᠭᠳᠡᠭᠦᠯᠵᠦ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ | ᠳᠠᠭᠠᠭᠠᠴᠢᠯᠠᠨ ᠡᠵᠡᠩᠨᠡᠭᠴᠢᠳ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨᠠᠨ | ᠲᠣᠭᠲᠠᠭᠠᠭᠰᠠᠨ ᠪᠣᠳᠠᠲᠠᠶ ᠪᠡᠯᠴᠢᠬᠡᠷ ᠤᠨ ᠲᠠᠭᠠᠭᠠᠴᠠ ᠳᠤ ᠣᠨᠳᠣᠣ ᠰᠠᠨᠠᠯ ᠲᠠᠢ ᠪᠣᠯ ᠨᠡᠶᠢᠲᠡᠯᠡᠭᠰᠡᠨ ᠡᠳᠦᠷ ᠠᠴᠠ ᠨᠢ | ᠡᠬᠢᠯᠡᠨ ᠭᠤᠴᠢᠨ ᠡᠳᠦᠷ ᠤᠨ ᠳᠣᠲᠣᠷ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠠᠭᠠᠨ | ᠳᠠᠬᠢᠨ ᠬᠢᠨᠠᠭᠤᠯᠬᠤ ᠪᠠᠷ ᠭᠤᠶᠤᠴᠢᠯᠠᠵᠤ ᠪᠣᠯᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠳᠠᠬᠢᠨ ᠬᠢᠨᠠᠭᠤᠯᠬᠤ ᠭᠤᠶᠤᠴᠢᠯᠠᠯ ᠢ ᠭᠠᠷᠳᠠᠭᠰᠠᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ | ᠳᠣᠲᠣᠷ᠎ᠠ ᠳᠠᠬᠢᠨ ᠬᠢᠨᠠᠭᠰᠠᠨ ᠲᠣᠭᠲᠠᠭᠠᠯ ᠭᠠᠷᠭᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ | ᠬᠠᠳᠤᠯᠠᠩ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠪᠡᠰᠦ ᠬᠠᠳᠤᠬᠤ ᠬᠤᠭᠤᠴᠠᠭ᠎ᠠ᠂ ᠡᠪᠡᠰᠤᠨ ᠦᠷ᠎ᠡ ᠲᠡᠬᠦᠬᠦ | ᠬᠤᠭᠤᠴᠠᠭ᠎ᠠ᠂ ᠭᠤᠤᠷᠰᠤ ᠦᠯᠡᠳᠡᠭᠡᠬᠦ ᠦᠨᠳᠤᠷ ᠤᠨ ᠬᠡᠮᠵᠢᠶ᠎ᠡ᠂ ᠬᠠᠳᠤᠵᠤ ᠬᠤᠷᠢᠶᠠᠬᠤ ᠡᠷᠴᠢᠮ᠂ ᠰᠡᠯᠬᠦᠨ | ᠬᠠᠳᠤᠵᠤ ᠰᠡᠯᠬᠦᠨ ᠲᠡᠬᠦᠬᠦ᠂ ᠤᠷᠢᠳᠴᠢᠯᠠᠨ ᠦᠯᠡᠳᠡᠭᠡᠭᠰᠡᠨ ᠡᠪᠡᠰᠦᠨ ᠦᠷ᠎ᠡ ᠶᠢᠨ ᠪᠦᠰᠡ ᠵᠡᠷᠭᠡ ᠳᠤ ᠲᠣᠳᠣᠷᠬᠠᠶ | ᠲᠣᠭᠲᠠᠭᠠᠯ ᠭᠠᠷᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠎ᠠ᠃ ᠨᠤᠲᠤᠭ ᠪᠡᠯᠴᠢᠭᠡᠷ ᠤᠨ | ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠲᠣᠭᠲᠠᠭᠠᠯ ᠢ ᠴᠢᠩᠭ᠎ᠠ ᠵᠢᠷᠤᠮᠯᠠᠨ ᠡᠪᠡᠰᠦ | ᠬᠠᠳᠤᠬᠤ ᠬᠡᠷᠡᠭᠲᠡᠶ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠤᠭ | ᠪᠡᠯᠴᠢᠭᠡᠷ ᠤᠨ ᠲᠠᠯᠠᠪᠠᠶ᠂ ᠳᠡᠰ᠂ ᠤᠷᠭᠤᠮᠠᠯ ᠤᠨ ᠪᠦᠷᠬᠦᠴᠡ ᠶᠢᠨ ᠪᠦᠷᠢᠯᠳᠦᠯ᠂ ᠦᠢᠯᠡᠳᠪᠦᠷᠢᠯᠡᠯ ᠤᠨ ᠴᠢᠳᠠᠪᠤᠷᠢ᠂ | ᠠᠮᠢᠳᠤ ᠪᠣᠳᠠᠰ ᠤᠨ ᠭᠠᠮᠰᠢᠭ ᠵᠡᠷᠭᠡ ᠨᠤᠲᠤᠭ ᠪᠡᠯᠴᠢᠭᠡᠷ ᠤᠨ ᠦᠨᠳᠦᠰᠦᠨ ᠪᠠᠶᠢᠳᠠᠯ ᠳᠤ ᠬᠦᠳᠡᠯᠦᠩᠬᠦᠢ ᠬᠢᠨᠠᠨ | ᠬᠡᠮᠵᠢᠯᠲᠡ ᠬᠢᠨ᠎ᠠ︔ ᠵᠢᠯ ᠪᠦᠷᠢ ᠡᠪᠡᠰᠦ ᠪᠡᠯᠴᠢᠬᠡᠷ ᠤᠨ ᠨᠣᠭᠤᠭᠠᠷᠠᠯᠳᠠ᠂ ᠡᠪᠡᠰᠤ ᠪᠡᠯᠴᠢᠬᠡᠷ ᠤᠨ ᠤᠷᠭᠤᠯᠲᠠ᠂ | ᠡᠪᠡᠰᠤ ᠬᠠᠯᠢᠭᠤᠷᠠᠬᠤ ᠬᠤᠭᠤᠴᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠨ᠎ᠡ︔ ᠨᠤᠲᠤᠭ | ᠪᠡᠯᠴᠢᠭᠡᠷ ᠤᠨ ᠬᠠᠮᠠᠭᠠᠯᠠᠯᠲᠠ ᠶᠢᠨ ᠳᠦᠷᠢᠮ᠂ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ | ᠳ᠋ᠦᠩ ᠳᠤ ᠬᠢᠨᠠᠨ ᠬᠡᠮᠵᠢᠯᠳᠡ ᠬᠢᠬᠦ ᠪᠠ ᠦᠨᠡᠯᠡᠯᠲᠡ ᠬᠢᠵᠦ᠂ ᠲᠤᠰ ᠱᠠᠲᠤᠨ ᠤ ᠵᠠᠰᠠᠭ ᠤᠨ ᠣᠷᠳᠣᠨ ᠪᠣᠯᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠥᠳᠡᠯᠦᠩᠭᠦᠶ ᠬᠢᠨᠠᠨ ᠬᠡᠮᠵᠢᠯᠳᠡ ᠪᠤᠯᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢᠨ ᠤᠢᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠵᠢᠴᠢ ᠰᠡᠯᠭᠦᠨ ᠮᠠᠯᠵᠢᠬᠤ ᠠᠵᠢᠯ ᠥᠷᠨᠢᠭᠦᠯᠬᠦ ᠳᠤ | ᠦᠨᠳᠦᠰᠦᠯᠡᠯ ᠬᠠᠩᠭᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠬᠤᠰᠢᠭᠤ ᠰᠢᠶᠠᠨ ᠤ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠥᠴᠢᠷ ᠢ ᠬᠠᠪᠰᠤᠷᠤᠨ ᠨᠤᠲᠤᠭ ᠪᠡᠯᠴᠢᠭᠡᠷ ᠤᠨ ᠠᠮᠢ ᠠᠬᠤᠶ ᠶᠢᠨ ᠪᠠᠶᠢᠳᠠᠯ ᠪᠣᠯᠤᠨ ᠮᠠᠯ ᠪᠡᠯᠴᠢᠭᠡᠷ ᠤᠨ | ᠲᠡᠩᠴᠡᠬᠦᠷᠢ ᠶᠢ ᠪᠠᠳᠤᠯᠠᠭᠰᠠᠨ᠂ ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠬᠡᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠡᠷᠦᠬᠡ ᠳᠠᠷᠠᠭᠠᠯᠠᠨ ᠬᠢᠨᠠᠨ ᠬᠡᠮᠵᠢᠨ᠎ᠠ᠂ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠭᠴᠢᠳ ᠡᠬᠦᠨ ᠳᠤ ᠬᠠᠮᠵᠢᠯᠴᠠᠬᠤ ᠬᠡᠷᠡᠭᠲᠡᠶ᠃ | ᠬᠤᠷᠢᠨ ᠵᠢᠷᠭᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ | ᠣᠳᠣᠬᠢᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠣᠶᠣᠨᠴᠢᠯᠠᠭᠰᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ | ᠭᠦᠢᠴᠡᠳ ᠬᠡᠷᠡᠭᠯᠡᠵᠤ ᠪᠠᠶᠢᠭᠠᠳ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠬᠡᠷ ᠢ ᠰᠡᠷᠬᠦᠬᠡᠬᠦ ᠠᠵᠢᠯ ᠳᠤ ᠬᠢᠨᠠᠯᠲᠠ ᠲᠠᠯᠪᠢᠨ ᠬᠠᠮᠢᠶᠠᠷᠬᠤ ᠴᠢᠳᠠᠪᠤᠷᠢ ᠵᠢᠴᠢ ᠲᠦᠪᠰᠢᠨ ᠢᠶᠠᠨ | ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠪᠡᠰᠦᠨ ᠤ ᠡᠭᠦᠯᠳᠡᠷ ᠢ | ᠰᠣᠩᠭᠤᠨ ᠪᠤᠶᠢᠵᠢᠭᠤᠯᠬᠤ᠂ ᠡᠪᠡᠰᠦᠨ ᠦᠷ᠎ᠡ ᠶᠢᠨ ᠦᠢᠯᠡᠳᠪᠦᠷᠢᠯᠡᠯ᠂ ᠲᠠᠴᠢᠷᠰᠢᠭᠰᠠᠨ ᠨᠤᠲᠤᠭ ᠪᠡᠯᠴᠢᠭᠡᠷ ᠤᠨ | ᠤᠷᠭᠤᠮᠠᠯ ᠤᠨ ᠪᠦᠷᠬᠦᠴᠡ ᠶᠢ ᠰᠡᠷᠭᠦᠭᠡᠬᠦ᠂ ᠲᠠᠷᠢᠮᠠᠯ ᠪᠡᠯᠴᠢᠭᠡᠷ ᠢ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ | ᠵᠦᠢ ᠵᠣᠬᠢᠰᠲᠠᠶ ᠪᠠᠷ ᠠᠰᠢᠬᠯᠠᠬᠤ᠂ ᠨᠤᠲᠤᠭ ᠪᠡᠯᠴᠢᠭᠡᠷ ᠤᠨ ᠬᠥᠨᠥᠭᠡᠯᠳᠤ ᠠᠮᠢᠳᠤ ᠪᠣᠳᠠᠰ ᠢ ᠰᠡᠷᠭᠡᠶᠢᠯᠡᠨ ᠵᠠᠰᠠᠬᠤ | ᠵᠡᠷᠭᠡ ᠲᠠᠯ᠎ᠠ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ ᠬᠦᠭᠵᠢᠬᠦᠯᠵᠤ ᠲᠦᠭᠡᠮᠡᠯᠵᠢᠬᠦᠯᠬᠦ ᠪᠠᠨ | ᠴᠢᠩᠭᠠᠳᠬᠠᠵᠤ᠂ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠨᠣᠷᠮ᠎ᠠ ᠪᠣᠯᠤᠨ ᠲᠧᠭᠨᠢᠭ ᠮᠡᠷᠭᠡᠵᠢᠯ ᠲᠣᠨᠣᠭᠯᠠᠯ ᠤᠨ ᠲᠦᠪᠰᠢᠨ ᠢ ᠳᠡᠭᠡᠭᠰᠢᠯᠡᠭᠦᠯᠤᠨ᠎ᠠ᠃ | ᠬᠤᠷᠢᠨ ᠳᠣᠯᠣᠳᠤᠭᠠᠷ ᠵᠦᠢᠯ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠤᠷᠢ | ᠪᠠ ᠱᠠᠩᠨᠠᠯ ᠤᠨ ᠮᠥᠩᠭᠦ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠰᠠᠨ᠂ ᠪᠡᠯᠴᠢᠭᠡᠷᠯᠡᠭᠦᠯᠬᠦ ᠶᠢ ᠵᠤᠭᠰᠤᠭᠠᠬᠤ ᠳᠦᠷᠢᠮ ᠢ | ᠨᠠᠶᠢᠳᠠᠪᠤᠷᠢᠵᠢᠭᠤᠯᠤᠭᠰᠠᠨ ᠨᠤᠲᠤᠭ ᠪᠡᠯᠴᠢᠭᠡᠷ ᠤᠨ ᠬᠡᠷᠡᠭᠯᠡᠭᠴᠢᠳ᠂ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠭᠴᠢᠳ ᠲᠤ ᠴᠠᠭ ᠲᠤᠬᠠᠶ ᠳᠤᠨᠢ ᠬᠦᠢᠴᠡᠳ ᠲᠤᠭ᠎ᠠ ᠪᠠᠷ ᠣᠯᠭᠤᠬᠤ ᠬᠡᠷᠡᠭᠲᠡᠶ᠂ ᠶᠠᠮᠠᠷᠪᠠ ᠵᠣᠬᠢᠶᠠᠨ | ᠪᠠᠶᠢᠭᠤᠯᠤᠯᠲᠠ ᠪᠣᠯᠤᠨ ᠬᠤᠪᠢ ᠬᠥᠮᠦᠨ ᠳᠤᠮᠳᠠ ᠠᠴᠠ ᠨᠢ ᠦᠯᠡᠳᠡᠭᠡᠬᠦ ᠪᠤᠶᠤ ᠰᠢᠯᠵᠢᠬᠦᠯᠦᠨ ᠬᠡᠷᠡᠭᠯᠡᠵᠦ ᠪᠣᠯᠬᠤ | ᠦᠭᠡᠶ᠃ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠱᠠᠩᠨᠠᠯ ᠤᠨ ᠮᠥᠩᠭᠦ ᠶᠢ | ᠣᠯᠭᠤᠭᠰᠠᠨ ᠪᠠᠶᠢᠳᠠᠯ ᠢ ᠭᠠᠴᠠᠭ᠎ᠠ ᠲᠣᠰᠬᠤᠨ ᠢᠶᠠᠷ ᠨᠢᠭᠡᠴᠢ ᠪᠣᠯᠭᠠᠨ ᠵᠠᠷᠯᠠᠨ ᠨᠡᠶᠢᠲᠡᠯᠡᠬᠦ ᠬᠡᠷᠡᠭᠲᠡᠶ᠃ | ᠬᠤᠷᠢᠨ ᠨᠠᠢᠮᠠᠲᠣᠭᠠᠷ ᠵᠦᠢᠯ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ | ᠪᠠ ᠱᠠᠩᠨᠠᠯ ᠤᠨ ᠮᠦᠩᠬᠦ ᠶᠢ ᠲᠠᠷᠬᠠᠭᠠᠬᠤ ᠳᠠᠭᠠᠨ ᠬᠦᠮᠦᠨ ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ ᠶᠢᠨ | ᠶᠡᠭᠡ ᠪᠠᠭ᠎ᠠ ᠵᠡᠷᠭᠡ ᠡᠯᠧᠮᠧᠨ᠋ᠲ ᠢ ᠶᠡᠷᠦᠩᠬᠡᠶᠢᠯᠡᠨ ᠪᠣᠲᠣᠯᠬᠢᠯᠠᠵᠦ᠂ ᠨᠦᠬᠦᠪᠦᠷᠢ ᠪᠠ ᠱᠠᠩᠨᠠᠯ ᠤᠨ ᠲᠦᠷᠦ ᠶᠢᠨ | ᠪᠣᠲᠣᠯᠭ᠎ᠠ ᠶᠢᠨ ᠡᠷᠭᠡ ᠲᠡᠭᠰᠢ᠂ ᠲᠦᠪ ᠭᠤᠣᠯᠴᠢ ᠴᠢᠨᠠᠷ ᠢ ᠬᠦᠢᠴᠡᠳ ᠢᠯᠡᠷᠡᠬᠦᠯᠬᠦ ᠬᠡᠷᠡᠭᠲᠡᠢ᠃ ᠬᠦᠮᠦᠨ | ᠲᠣᠮᠲᠠᠴᠢ ᠶᠢᠨ ᠨᠣᠲᠤᠬ ᠪᠡᠯᠴᠢᠭᠡᠷ ᠤᠨ ᠲᠠᠯᠠᠪᠠᠢ ᠪᠠᠭ᠎ᠠ ᠭᠠᠵᠠᠷ ᠣᠷᠣᠨ ᠳᠤ ᠨᠦᠬᠦᠪᠦᠷᠢ ᠪᠠ ᠱᠠᠩᠨᠠᠯ ᠤᠨ | ᠪᠠᠷᠢᠮᠵᠢᠶ᠎ᠠ ᠶᠢ ᠵᠣᠬᠢᠰᠲᠠᠢ ᠪᠠᠷ ᠲᠡᠭᠡᠭᠰᠢᠯᠡᠬᠦᠯᠵᠦ ᠪᠣᠯᠣᠨ᠎ᠠ᠃ ᠨᠦᠬᠦᠴᠡᠯ ᠲᠠᠢ ᠭᠠᠵᠠᠷ ᠣᠷᠣᠨ ᠨᠢ ᠨᠣᠲᠤᠬ | ᠪᠡᠯᠴᠢᠭᠡᠷ ᠤᠨ ᠲᠠᠯᠠᠪᠠᠢ ᠪᠠᠷ ᠪᠠᠭ᠎ᠠ᠂ ᠣᠷᠣᠯᠭ᠎ᠠ ᠲᠣᠣᠷ᠎ᠠ ᠮᠠᠯᠴᠢᠳ ᠲᠤ ᠲᠣᠬᠠᠢ ᠶᠢᠨ ᠭᠠᠵᠠᠷ ᠣᠷᠣᠨ ᠤ ᠨᠠᠭᠠᠲᠣ | ᠵᠠᠬ᠎ᠠ ᠶᠢᠨ ᠠᠮᠢᠲᠣᠷᠠᠯ ᠤᠨ ᠪᠠᠲᠣᠯᠠᠭ᠎ᠠ ᠶᠢᠨ ᠪᠠᠷᠢᠮᠵᠢᠶ᠎ᠠ ᠠᠴᠠ ᠲᠤᠤᠷ᠎ᠠ ᠦᠬᠡᠢ ᠪᠠᠶᠢᠬᠤ ᠨᠦᠬᠦᠪᠦᠷᠢ ᠶᠢᠨ | ᠲᠦᠷᠦ ᠶᠢᠨ ᠪᠣᠲᠣᠯᠭ᠎ᠠ ᠶᠢ ᠬᠡᠷᠡᠭᠵᠢᠬᠦᠯᠦᠨ ᠡ᠃ | ᠬᠤᠷᠢ ᠶᠢᠰᠦᠲᠦᠭᠡᠷ ᠵᠦᠢᠯ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ | ᠵᠣᠬᠰᠣᠭᠠᠬᠤ ᠲᠦᠷᠢᠮ ᠢ ᠬᠡᠷᠡᠭᠵᠢᠬᠦᠯᠥᠭᠡᠳᠤᠢ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠣᠷᠣᠨ ᠳᠤ | ᠪᠡᠯᠴᠢᠬᠡᠷ ᠤᠨ ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠬᠡᠷᠯᠡᠬᠦᠯᠦᠭᠰᠡᠨ ᠨᠣᠷᠮ᠎ᠠ ᠨᠢ 10% ᠠᠴᠠ ᠲᠠᠪᠠᠭᠰᠠᠨ | ᠪᠣᠶᠣ ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠳᠤ ᠬᠤᠶᠠᠷ ᠠᠴᠠ ᠲᠡᠭᠡᠭᠰᠢ ᠣᠲᠠᠭ᠎ᠠ ᠮᠠᠯ ᠪᠡᠯᠴᠢᠭᠡᠷᠯᠡᠬᠦᠯᠦᠭᠰᠡᠨ | ᠪᠠᠶᠢᠪᠠᠯ ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠨᠢ | ᠰᠠᠭᠤᠯᠭᠠᠨ ᠠᠪᠴᠦ ᠪᠣᠯᠣᠨ᠎ᠠ᠃ ᠪᠣᠲᠠᠲᠠᠢ ᠠᠷᠭ᠎ᠠ ᠶᠢ ᠦᠪᠡᠷᠲᠡᠭᠡᠨ ᠵᠠᠰᠠᠬᠤ ᠣᠷᠣᠨ ᠤ ᠵᠠᠰᠠᠬ ᠤᠨ ᠣᠷᠲᠣᠨ ᠠᠴᠠ | ᠲᠣᠬᠲᠠᠭᠠᠨ᠎ᠠ᠃ | ᠭᠤᠴᠢᠲᠣᠭᠠᠷ ᠵᠦᠢᠯ ᠰᠠᠭᠤᠯᠭᠠᠨ ᠠᠪᠣᠬᠰᠠᠨ ᠨᠣᠲᠤᠬ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠬ ᠤᠨ ᠣᠷᠲᠣᠨ ᠠᠴᠠ ᠨᠢᠭᠡᠲᠦᠯᠲᠡᠢ ᠲᠦᠯᠦᠪᠵᠢᠬᠦᠯᠦᠨ ᠲᠣᠬᠢᠷᠠᠭᠤᠯᠵᠦ᠂ ᠨᠣᠲᠤᠬ ᠪᠡᠯᠴᠢᠭᠡᠷ ᠢ ᠬᠠᠮᠠᠭᠠᠯᠠᠵᠦ | ᠪᠦᠲᠦᠭᠡᠨ ᠪᠠᠶᠢᠭᠤᠯᠬᠤ ᠳᠤ ᠲᠣᠰᠬᠠᠢ ᠬᠡᠷᠡᠭᠯᠡᠨ᠎ᠡ᠃ | ᠭᠤᠴᠢᠨ ᠨᠢᠭᠡᠲᠦᠭᠡᠷ ᠵᠦᠢᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ᠂ ᠵᠡᠭᠡᠯᠢ | ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠰᠬᠠᠢ ᠲᠣᠰᠢᠶᠠᠯᠲᠣ ᠪᠣᠶᠣ ᠲᠣᠰᠢᠶᠠᠯ ᠬᠠᠪᠰᠣᠷᠭᠠᠬᠰᠠᠨ | ᠨᠣᠲᠤᠬ ᠪᠡᠯᠴᠢᠭᠡᠷ ᠤᠨ ᠬᠠᠮᠢᠶᠠᠷᠣᠨ ᠬᠠᠮᠠᠭᠠᠯᠠᠬᠴᠢ ᠲᠣᠬᠢᠷᠠᠭᠤᠯᠵᠦ᠂ ᠬᠠᠮᠢᠶᠠᠷᠴᠦ ᠬᠠᠮᠠᠭᠠᠯᠠᠬᠤ ᠬᠠᠷᠢᠭᠤᠴᠠᠯᠭ᠎ᠠ ᠶᠢᠨ | ᠣᠷᠣᠨ ᠲᠣᠬᠲᠠᠭᠠᠵᠦ᠂ ᠲᠣᠣᠷᠵᠢᠭᠤᠯᠤᠭᠰᠠᠨ ᠬᠠᠮᠢᠶᠠᠷᠣᠯᠲᠠ ᠶᠢ ᠬᠡᠷᠡᠭᠵᠢᠬᠦᠯᠬᠦ ᠬᠡᠷᠡᠭᠲᠡᠢ᠃ ᠨᠣᠲᠤᠬ ᠪᠡᠯᠴᠢᠭᠡᠷ ᠤᠨ | ᠬᠠᠮᠢᠶᠠᠷᠣᠨ ᠬᠠᠮᠠᠭᠠᠯᠠᠬᠴᠢ ᠲᠣᠣᠷᠠᠬᠢ ᠮᠡᠲᠦ ᠶᠢᠨ ᠲᠣᠰᠢᠶᠠᠯ ᠬᠠᠷᠢᠭᠤᠴᠠᠯᠭ᠎ᠠ ᠶᠢ ᠬᠦᠢᠴᠡᠳᠭᠡᠨ᠎ᠡ᠄ ︵ᠨᠢᠭᠡ︶ | ᠬᠠᠮᠢᠶᠠᠷᠴᠦ ᠬᠠᠮᠠᠭᠠᠯᠠᠬᠤ ᠣᠷᠣᠨ ᠤ ᠪᠠᠨ ᠨᠣᠲᠤᠬ ᠪᠡᠯᠴᠢᠭᠡᠷ ᠢ ᠴᠠᠬᠲᠠᠨ ᠪᠠᠶᠢᠴᠠᠭᠠᠵᠦ᠂ ᠨᠣᠲᠤᠬ ᠪᠡᠯᠴᠢᠭᠡᠷ ᠤᠨ | ᠬᠡᠷᠡᠭᠯᠡᠭᠴᠢᠳ᠂ ᠨᠣᠲᠤᠬ ᠪᠡᠯᠴᠢᠭᠡᠷ ᠤᠨ ᠲᠠᠭᠠᠭᠠᠴᠢᠯᠠᠨ ᠡᠵᠡᠩᠨᠡᠭᠴᠢᠳ ᠤᠨ ᠮᠠᠯ ᠣᠨᠤᠭ᠎ᠠ ᠶᠢᠨ ᠲᠤᠭ᠎ᠠ ᠶᠢ | ᠡᠵᠡᠮᠲᠡᠨ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ | ᠰᠡᠷᠬᠦᠭᠡᠬᠦ ᠲᠦᠷᠢᠮ ᠢ ᠨᠠᠶᠢᠲᠠᠪᠣᠷᠢᠵᠢᠭᠤᠯᠣᠨ᠎ᠠ︔ ︵ᠬᠤᠶᠠᠷ︶ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ ᠪᠠ | ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦ᠋ᠷᠢᠮ ᠠᠴᠠ ᠵᠦᠷᠢᠴᠡᠭᠰᠡᠨ ᠵᠢᠴᠢ ᠨᠣᠲᠤᠬ ᠪᠡᠯᠴᠢᠭᠡᠷ ᠤᠨ | ᠣᠷᠭᠤᠮᠠᠯ ᠤᠨ ᠪᠦᠷᠬᠦᠴᠡ ᠶᠢ ᠡᠪᠲᠡᠭᠰᠡᠨ ᠪᠣᠰᠣᠳ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠷᠢᠬᠯᠠᠵᠦ᠂ | ᠢᠯᠡᠴᠢᠯᠡᠨ ᠮᠡᠲᠡᠬᠦᠯᠦᠨᠡ︔ ︵ᠭᠤᠷᠪᠠ︶ ᠨᠤᠳᠤᠭ ᠪᠡᠯᠴᠢᠬᠡᠷ ᠤᠨ ᠲᠦᠢᠮᠠᠷ ᠪᠤᠯᠤᠨ ᠬᠤᠯᠣᠭᠠᠨ᠎ᠠ ᠶᠢᠨ ᠬᠦᠨᠦᠭᠡᠯ᠂ | ᠬᠤᠷᠣᠬᠠᠢ ᠰᠢᠪᠡᠵᠢ ᠶᠢᠨ ᠬᠦᠨᠦᠭᠡᠯ ᠵᠡᠷᠭᠡ ᠪᠠᠶᠢᠭᠠᠯᠢ᠂ ᠠᠮᠢᠲᠣ ᠪᠣᠲᠠᠰ ᠤᠨ ᠭᠠᠮᠰᠢᠬ ᠤᠨ ᠪᠠᠶᠢᠲᠠᠯ ᠢ ᠮᠡᠲᠡᠬᠦᠯᠵᠦ | ᠰᠢᠢᠳᠪᠦᠷᠢᠯᠡᠨ᠎ᠡ︔ ︵ᠲᠦᠷᠪᠡ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠨᠣᠲᠤᠬ ᠪᠡᠯᠴᠢᠭᠡᠷ ᠤᠨ | ᠦᠢᠯᠡᠳᠪᠦᠷᠢᠯᠡᠯ ᠤᠨ ᠬᠦᠴᠦᠨ ᠢ ᠬᠢᠨᠠᠨ ᠬᠡᠮᠵᠢᠬᠦ ᠵᠡᠷᠭᠡ ᠨᠣᠲᠤᠬ ᠪᠡᠯᠴᠢᠭᠡᠷ ᠢ ᠬᠠᠮᠠᠭᠠᠯᠠᠵᠤ ᠬᠠᠮᠢᠶᠠᠷᠬᠤ ᠪᠣᠰᠣᠳ | ᠪᠣᠲᠠᠲᠠᠢ ᠠᠵᠢᠯ ᠤᠳ ᠢ ᠦᠷᠨᠢᠬᠦᠯᠦᠨ᠎ᠠ᠃ | ᠭᠤᠴᠢᠨ ᠬᠤᠶᠠᠲᠣᠭᠠᠷ ᠵᠦᠢᠯ ᠲᠣᠰ ᠲᠦᠷᠢᠮ ᠤᠨ ᠲᠣᠬᠲᠠᠭᠠᠯ ᠠᠴᠠ ᠵᠦᠷᠢᠴᠡᠭᠰᠡᠨ ᠦᠢᠯᠡ | ᠠᠵᠢᠯᠯᠠᠭ᠎ᠠ ᠳᠤ ᠣᠯᠣᠰ ᠤᠨ ᠬᠤᠯᠪᠣᠬᠲᠠᠯ ᠪᠦᠬᠦᠢ ᠬᠠᠣᠯᠢ ᠴᠠᠭᠠᠵᠠ᠂ ᠬᠠᠣᠯᠢ ᠲᠣᠬᠲᠠᠭᠠᠯ ᠳᠤ ᠨᠢᠭᠡᠨᠲᠡ ᠪᠣᠲᠠᠲᠠᠢ | ᠰᠢᠢᠳᠭᠡᠬᠦ ᠲᠣᠬᠲᠠᠭᠠᠯ ᠲᠣᠬᠲᠠᠭᠠᠬᠰᠠᠨ ᠪᠣᠯ ᠲᠣᠬᠲᠠᠭᠠᠯ ᠶᠣᠰᠣᠭᠠᠷ ᠨᠢ ᠬᠡᠷᠡᠭᠵᠢᠬᠦᠯᠦᠨ᠎ᠡ᠃ | ᠭᠤᠴᠢᠨ ᠭᠤᠷᠪᠠᠲᠣᠭᠠᠷ ᠵᠦᠢᠯ ᠲᠣᠰ ᠲᠦᠷᠢᠮ ᠤᠨ ᠠᠷᠪᠠᠨ ᠬᠤᠶᠠᠲᠣᠭᠠᠷ ᠵᠦᠢᠯ᠂ ᠬᠤᠷᠢᠨ | ᠲᠦᠷᠪᠡᠲᠦᠭᠡᠷ ᠵᠦᠢᠯ ᠠᠴᠠ ᠵᠦᠷᠢᠴᠡᠵᠦ᠂ ᠲᠣᠬᠲᠠᠭᠠᠯ ᠶᠣᠰᠣᠭᠠᠷ ᠡᠪᠡᠰᠦ ᠬᠠᠲᠣᠬᠰᠠᠨ ᠦᠭᠡᠢ ᠪᠠᠶᠢᠪᠠᠯ ᠰᠣᠮᠣ | ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ ᠡᠷᠬᠢᠯᠡᠬᠦ | ᠭᠠᠵᠠᠷ ᠠᠴᠠ ᠮᠦ ᠪᠦᠷᠢ ᠳᠤ 200 ᠲᠦᠬᠦᠷᠢᠭ ᠠᠴᠠ ᠲᠡᠭᠡᠭᠰᠢ 500 ᠲᠦᠬᠦᠷᠢᠭ ᠠᠴᠠ ᠲᠣᠷᠣᠬᠰᠢ ᠵᠣᠭᠤᠰ ᠢᠶᠠᠷ | ᠲᠣᠷᠭᠠᠨ᠎ᠠ᠃ | ᠭᠤᠴᠢᠨ ᠲᠦᠷᠪᠡᠲᠦᠭᠡᠷ ᠵᠦᠢᠯ ᠲᠣᠰ ᠲᠦᠷᠢᠮ ᠤᠨ ᠠᠷᠪᠠᠨ ᠭᠤᠷᠪᠠᠲᠣᠭᠠᠷ ᠵᠦᠢᠯ ᠠᠴᠠ ᠵᠦᠷᠢᠴᠡᠵᠦ᠂ | ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠫᠠᠶᠢᠰᠠ ᠲᠡᠮᠲᠡᠭ ᠢ ᠡᠪᠲᠡᠭᠰᠡᠨ ᠪᠤᠶᠤ ᠲᠣᠷ᠎ᠠ ᠪᠠᠷ | ᠰᠢᠯᠵᠢᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ | ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠵᠠᠷᠯᠢᠬᠲᠠᠨ | ᠵᠣᠬᠰᠣᠭᠠᠵᠦ᠂ ᠬᠤᠭᠤᠴᠠᠭ᠎ᠠ ᠲᠣᠬᠲᠠᠭᠠᠨ ᠣᠣᠯ ᠪᠠᠶᠢᠲᠠᠯ ᠢ ᠨᠢ ᠰᠡᠷᠬᠦᠬᠡᠯᠭᠡᠨᠡ︔ ᠲᠣᠬᠲᠠᠭᠰᠠᠨ ᠬᠤᠭᠤᠴᠠᠭᠠᠨ | ᠲᠣᠲᠣᠷ᠎ᠠ ᠣᠣᠯ ᠪᠠᠶᠢᠲᠠᠯ ᠢ ᠨᠢ ᠰᠡᠷᠬᠦᠭᠡᠭᠰᠡᠨ ᠦᠭᠡᠢ ᠪᠣᠯ ᠡᠪᠲᠡᠭᠲᠡᠭᠰᠡᠨ ᠲᠦᠬᠦᠭᠡᠷᠦᠮᠵᠢ ᠶᠢᠨ ᠣᠣᠯ ᠤᠨ ᠦᠨ᠎ᠡ | ᠬᠠᠩᠰᠢ ᠶᠢᠨ ᠨᠢᠭᠡ ᠲᠠᠬᠢᠨ ᠠᠴᠠ ᠲᠡᠭᠡᠭᠰᠢ ᠲᠠᠪᠣᠨ ᠲᠠᠬᠢᠨ ᠠᠴᠠ ᠲᠣᠷᠣᠬᠰᠢ ᠵᠣᠭᠤᠰ ᠢᠶᠠᠷ ᠲᠣᠷᠭᠠᠨ᠎ᠠ᠃ | ᠭᠤᠴᠢᠨ ᠲᠠᠪᠣᠲᠣᠭᠠᠷ ᠵᠦᠢᠯ ᠲᠣᠰ ᠲᠦᠷᠢᠮ ᠤᠨ ᠠᠷᠪᠠᠨ ᠲᠣᠯᠣᠲᠣᠭᠠᠷ ᠵᠦᠢᠯ ᠠᠴᠠ ᠵᠦᠷᠢᠴᠡᠵᠦ᠂ | ᠬᠢᠨᠡᠨ ᠲᠣᠬᠲᠠᠭᠠᠬᠰᠠᠨ ᠲᠣᠬᠢᠷᠠᠮᠵᠢᠲᠠᠢ ᠪᠡᠯᠴᠢᠬᠡᠷ ᠤᠨ ᠲᠠᠭᠠᠭᠠᠴᠠ ᠠᠴᠠ ᠬᠡᠲᠦᠷᠡᠬᠦᠯᠤᠨ ᠮᠠᠯ ᠪᠡᠯᠴᠢᠭᠡᠷᠯᠡᠬᠦᠯᠦᠭᠰᠡᠨ | ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ ᠭᠤᠲᠣᠮᠵᠢ ᠶᠢᠨ ᠬᠡᠷᠡᠭ | ᠡᠷᠬᠢᠯᠡᠬᠦ ᠭᠠᠵᠠᠷ ᠠᠴᠠ ᠬᠤᠭᠤᠴᠠᠭ᠎ᠠ ᠲᠣᠬᠲᠠᠭᠠᠨ ᠵᠠᠯᠠᠷᠠᠭᠤᠯᠣᠨ᠎ᠠ︔ ᠲᠣᠬᠲᠠᠬᠰᠠᠨ ᠬᠤᠭᠤᠴᠠᠭᠠᠨ ᠲᠣᠲᠣᠷ᠎ᠠ | ᠵᠠᠯᠠᠷᠠᠭᠤᠯᠣᠬᠰᠠᠨ ᠦᠬᠡᠢ ᠪᠤᠯ ᠪᠡᠯᠴᠢᠬᠡᠷ ᠤᠨ ᠲᠠᠭᠠᠭᠠᠴᠠ ᠠᠴᠠ ᠭᠡᠳᠦᠷᠡᠬᠦᠯᠤᠨ ᠪᠡᠯᠴᠢᠬᠡᠷᠯᠡᠬᠦᠯᠥᠭᠰᠡᠨ ᠮᠠᠯ | ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 100 ᠲᠦᠬᠦᠷᠢᠭ ᠢᠶᠠᠷ ᠲᠣᠷᠭᠠᠨ᠎ᠠ᠃ | ᠪᠡᠯᠴᠢᠭᠡᠷᠯᠡᠬᠦᠯᠬᠦ ᠶᠢ ᠵᠣᠬᠰᠣᠭᠠᠬᠰᠠᠨ ᠣᠷᠣᠨ ᠪᠣᠶᠣ ᠪᠡᠯᠴᠢᠭᠡᠷ ᠢ ᠰᠡᠷᠬᠦᠭᠡᠬᠦ ᠬᠤᠭᠤᠴᠠᠭᠠᠨ ᠳᠤ ᠮᠠᠯ | ᠪᠡᠯᠴᠢᠭᠡᠷᠯᠡᠬᠦᠯᠦᠭᠰᠡᠨ ᠪᠠᠶᠢᠪᠠᠯ ᠰᠣᠮᠣ ᠰᠢᠶᠠᠩ ᠪᠠᠯᠭᠠᠰᠣ ᠶᠢᠨ ᠠᠷᠠᠳ ᠤᠨ ᠵᠠᠰᠠᠬ ᠤᠨ ᠣᠷᠲᠣᠨ ᠪᠣᠶᠣ ᠵᠡᠭᠡᠯᠢ | ᠭᠤᠲᠣᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠬᠲᠠᠨ ᠵᠠᠯᠠᠷᠠᠭᠤᠯᠵᠦ᠂ ᠬᠠᠣᠯᠢ ᠠᠴᠠ ᠵᠦᠷᠢᠴᠡᠨ | ᠪᠡᠯᠴᠢᠭᠡᠷᠯᠡᠬᠦᠯᠦᠭᠰᠡᠨ ᠮᠠᠯ ᠤᠨᠤᠭ᠎ᠠ ᠳᠤ ᠬᠤᠨᠢᠴᠢᠯᠠᠭᠰᠠᠨ ᠨᠢᠭᠡᠴᠢ ᠪᠠᠷ ᠨᠢᠭᠡᠴᠢ ᠪᠦᠷᠢ ᠶᠢ 120 ᠲᠦᠬᠦᠷᠢᠭ ᠢᠶᠠᠷ | ᠲᠣᠷᠭᠠᠨ᠎ᠠ᠃ | ᠭᠤᠴᠢᠨ ᠵᠢᠷᠭᠤᠲᠣᠭᠠᠷ ᠵᠦᠢᠯ ᠲᠣᠰ ᠲᠦᠷᠢᠮ ᠤᠨ ᠬᠤᠷᠢᠨ ᠲᠣᠯᠣᠲᠣᠭᠠᠷ ᠵᠦᠢᠯ ᠠᠴᠠ ᠵᠦᠷᠢᠴᠡᠵᠤ᠂ | ᠨᠣᠲᠤᠬ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠪᠠ ᠱᠠᠩᠨᠠᠯ ᠤᠨ ᠮᠦᠩᠬᠦ ᠶᠢ | ᠲᠤᠮᠳᠠ ᠠᠴᠠ ᠨᠢ ᠦᠯᠡᠲᠡᠭᠡᠬᠦ ᠪᠤᠶᠤ ᠰᠢᠯᠵᠢᠬᠦᠯᠦᠨ ᠬᠡᠷᠡᠭᠯᠡᠭᠰᠡᠨ ᠪᠠᠶᠢᠪᠠᠯ ᠰᠢᠭᠤᠳ ᠬᠠᠷᠢᠭᠤᠴᠠᠬᠤ ᠭᠤᠤᠯᠯᠠᠨ | ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠢᠳᠭᠡᠯ ᠦᠭᠬᠦᠨ᠎ᠡ︔ | ᠶᠠᠯ᠎ᠠ ᠪᠣᠯᠵᠦ ᠪᠦᠷᠢᠯᠲᠦᠭᠰᠡᠨ ᠪᠠᠶᠢᠪᠠᠯ ᠬᠠᠣᠯᠢ ᠶᠣᠰᠣᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ | ᠨᠡᠭᠡᠮᠵᠢᠯᠡᠨ᠎ᠡ᠃ | ᠭᠤᠴᠢᠨ ᠲᠣᠯᠣᠲᠣᠭᠠᠷ ᠵᠦᠢᠯ ᠨᠣᠲᠤᠬ ᠪᠡᠯᠴᠢᠭᠡᠷ ᠤᠨ ᠵᠠᠰᠠᠬ ᠵᠠᠬᠢᠷᠭᠠᠨ ᠤ ᠭᠤᠣᠯᠯᠠᠨ ᠬᠠᠮᠢᠶᠠᠷᠬᠤ | ᠰᠠᠯᠠᠭ᠎ᠠ ᠮᠦᠴᠢᠷ ᠪᠣᠯᠣᠨ ᠪᠣᠰᠣᠳ ᠣᠯᠣᠰ ᠤᠨ ᠪᠠᠶᠢᠭᠤᠯᠭ᠎ᠠ ᠶᠢᠨ ᠠᠵᠢᠯᠲᠠᠨ ᠲᠣᠣᠷᠠᠬᠢ ᠶᠢᠨ ᠠᠵᠢᠯᠯᠠᠭ᠎ᠠ ᠶᠢᠨ | ᠨᠢᠭᠡ ᠨᠢ ᠪᠠᠶᠢᠪᠠᠯ᠂ ᠰᠢᠭᠤᠳ ᠬᠠᠷᠢᠭᠤᠴᠠᠬᠤ ᠭᠤᠤᠯᠯᠠᠨ ᠬᠠᠮᠢᠶᠠᠷᠬᠤ ᠬᠦᠮᠦᠨ ᠪᠤᠯᠤᠨ ᠪᠣᠰᠣᠳ ᠰᠢᠭᠤᠳ | ᠬᠠᠷᠢᠭᠤᠴᠠᠯᠭᠠᠲᠠᠨ ᠳᠤ ᠬᠠᠣᠯᠢ ᠶᠣᠰᠣᠭᠠᠷ ᠰᠢᠢᠳᠭᠡᠯ ᠦᠭᠬᠦᠨ᠎ᠡ︔ ᠶᠠᠯ᠎ᠠ ᠪᠣᠯᠵᠦ ᠪᠦᠷᠢᠯᠲᠦᠭᠰᠡᠨ ᠪᠠᠶᠢᠪᠠᠯ ᠬᠠᠣᠯᠢ | ᠶᠣᠰᠣᠭᠠᠷ ᠡᠷᠡᠬᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ︔ ︵ᠨᠢᠭᠡ︶ ᠮᠠᠯ ᠪᠡᠯᠴᠢᠭᠡᠷ ᠤᠨ | ᠲᠡᠩᠴᠡᠬᠦᠷᠢ ᠶᠢ ᠪᠠᠳᠤᠯᠠᠬᠤ ᠪᠠ ᠪᠡᠯᠴᠢᠭᠡᠷᠯᠡᠬᠦᠯᠬᠦ ᠶᠢ ᠵᠣᠬᠰᠣᠭᠠᠨ ᠪᠡᠯᠴᠢᠭᠡᠷ ᠢ ᠰᠡᠷᠬᠦᠭᠡᠬᠦ ᠲᠦᠷᠢᠮ ᠢ ᠬᠠᠣᠯᠢ | ᠶᠣᠰᠣᠭᠠᠷ ᠬᠡᠷᠡᠭᠵᠢᠬᠦᠯᠬᠦ ᠦᠭᠡᠢ︔ ︵ᠬᠤᠶᠠᠷ︶ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠣᠯᠵᠦ ᠮᠡᠲᠡᠬᠡᠳ | ᠪᠠᠶᠢᠴᠠᠭᠠᠬᠤ ᠦᠭᠡᠢ ᠪᠣᠶᠣ ᠡᠰᠡᠬᠦᠯ᠎ᠡ ᠪᠠᠶᠢᠴᠠᠭᠠᠬᠰᠠᠨ ᠨᠢ ᠵᠣᠬᠢᠰ ᠦᠭᠡᠢ︔ ︵ᠭᠤᠷᠪᠠ︶ ᠲᠣᠰᠢᠶᠠᠯ ᠢᠶᠠᠨ | ᠭᠤᠲᠣᠭᠠᠭᠰᠠᠨ᠂ ᠡᠷᠭᠡ ᠪᠠᠨ ᠲᠣᠷ᠎ᠠ ᠪᠠᠷ ᠬᠡᠷᠡᠭᠯᠡᠭᠰᠡᠨ᠂ ᠬᠤᠪᠢ ᠪᠠᠨ ᠪᠣᠷᠲᠣᠵᠦ ᠭᠡᠮ ᠬᠢᠭᠰᠡᠨ ᠪᠣᠰᠣᠳ | ᠠᠵᠢᠯᠯᠠᠭ᠎ᠠ᠃ | ᠭᠤᠴᠢᠨ ᠨᠠᠢᠮᠠᠲᠣᠭᠠᠷ ᠵᠦᠢᠯ ᠲᠣᠰ ᠲᠦᠷᠢᠮ ᠢ 2021 ᠤᠨ ᠤ 10 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠬᠦᠯᠦᠨ᠎ᠠ᠃ | | |