ᠠᠷᠦ ᠬᠤᠷᠴᠢᠨ ᠬᠤᠰᠢᠭᠤᠨ ᠤ ᠬᠥᠬᠡ ᠯᠤᠤ ᠵᠢᠯ ᠤᠨ ᠬᠤᠨᠲᠣ ᠪᠠᠯᠭᠠᠰᠤ ᠶᠢᠨ ᠪᠣᠭᠲᠠ ᠠᠭᠤᠯᠠ ᠶᠢᠨ ᠬᠠᠪᠤᠳᠣ ᠬᠠᠰᠠᠷ ᠤᠨ ᠣᠪᠤᠭᠠᠨ ᠲᠠᠬᠢᠯᠭ᠎ᠠ᠂ ᠭᠤᠣᠯ ᠭᠠᠴᠠᠭᠠᠨ ᠤ ᠬᠤᠶᠠᠳᠤᠭᠠᠷ ᠤᠳᠠᠭᠠᠨ ᠤ ᠮᠠᠯᠴᠢᠳ  ᠤᠨ ᠨᠠᠶᠢᠷ ᠵᠢᠴᠢ ᠭᠤᠣᠯ ᠭᠠᠴᠠᠭ᠎ᠠ ᠶᠢᠨ ᠣᠶᠢᠯᠠᠯᠭ᠎ᠠ ᠲᠠᠷᠬᠠᠭᠠᠬᠤ ᠶᠣᠰᠣᠯᠠᠯ ᠤᠨ ᠵᠠᠷ
ᠨᠡᠶᠢᠲᠡᠯᠡᠭᠰᠡᠨ ᠴᠠᠭ᠄
2024/6/26
       ᠠᠭᠤᠤ ᠲᠥᠷᠦ ᠶᠢᠨ ᠮᠢᠨᠢ ᠲᠦᠭᠡᠮᠡᠯ ᠬᠠᠶᠢᠷ᠎ᠠ᠂ ᠠᠪᠬᠠᠯᠵᠢᠳᠤ ᠲᠦᠮᠡᠨ ᠤ ᠮᠢᠨᠢ ᠠᠷᠢᠭᠤᠨ ᠬᠥᠳᠡᠯᠮᠦᠷᠢ᠂ ᠴᠤᠴᠠᠰᠢ ᠦᠭᠡᠢ ᠴᠢᠷᠮᠠᠶᠢᠯᠭ᠎ᠠ ᠪᠠᠷ ᠣᠷᠣᠨ ᠨᠤᠲᠤᠭ ᠤᠨ ᠮᠢᠨᠢ ᠠᠵᠦ ᠠᠬᠤᠢ ᠪᠠᠳᠠᠷᠠᠨ ᠬᠥᠭᠵᠢᠵᠤ᠂ ᠠᠷᠠᠳ ᠮᠠᠯᠴᠢᠳ ᠪᠠᠶᠠᠵᠢᠨ ᠴᠢᠨᠡᠭᠡᠯᠢᠭᠵᠢᠨ ᠪᠠᠶᠢᠭ᠎ᠠ ᠡᠨᠡ ᠡᠷᠡᠨ ᠳᠤ ᠲᠤᠮᠳᠡᠳᠦ ᠶᠢᠨ ᠦᠨᠳᠦᠰᠤᠲᠡᠨ ᠤ ᠰᠢᠯᠢᠳᠡᠭ ᠰᠣᠶᠣᠯ  ᠢ ᠤᠯᠠᠮᠵᠢᠯᠡᠨ ᠵᠠᠯᠭᠠᠮᠵᠢᠯᠡᠨ᠂ ᠤᠰᠤ ᠨᠣᠳᠤᠭ ᠤᠨ ᠵᠢᠭᠤᠯᠴᠢᠯᠡᠯ ᠤᠨ ᠦᠢᠯᠡᠰ ᠢ ᠬᠥᠭᠵᠢᠭᠦᠯᠥᠨ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠠᠷᠠᠳ ᠮᠠᠯᠴᠢᠳ ᠤᠨ ᠠᠵᠢᠯ ᠤᠨ ᠴᠢᠯᠡᠭᠡ ᠶᠢ ᠲᠠᠶᠢᠯᠤᠶᠤ ᠬᠡᠮᠡᠨ ᠮᠠᠨ ᠤ ᠭᠠᠴᠠᠭ᠎ᠠ ᠨᠢ ᠠᠷᠤ ᠬᠤᠷᠴᠢᠨ ᠬᠤᠰᠢᠭᠤᠨ ᠤ ᠬᠥᠬᠡ ᠯᠣᠣ ᠵᠢᠯ ᠤᠨ ︽ᠬᠤᠲᠤ ᠪᠠᠯᠭᠠᠰᠤ ᠶᠢᠨ ᠪᠤᠭᠲᠠ ᠠᠭᠤᠯᠠ  ᠶᠢᠨ ᠬᠠᠪᠤᠳᠤ ᠬᠠᠰᠠᠷ ᠤᠨ ᠣᠪᠤᠭᠠᠨ ᠲᠠᠬᠢᠯᠭ᠎ᠠ︾᠂ ᠭᠤᠣᠯ ᠭᠠᠴᠠᠭᠠᠨ ᠤ ᠬᠤᠶᠠᠳᠤᠭᠠᠷ ᠤᠳᠠᠭᠠᠨ ᠤ ᠮᠠᠯᠴᠢᠳ  ᠤᠨ ᠨᠠᠶᠢᠷ ᠵᠢᠴᠢ ᠭᠤᠣᠯ ᠭᠠᠴᠠᠭ᠎ᠠ ᠶᠢᠨ ᠣᠶᠢᠯᠠᠯᠭ᠎ᠠ ᠳᠠᠷᠬᠠᠭᠠᠬᠤ ᠶᠣᠰᠣᠯᠠᠯ ᠬᠢᠬᠦ ᠪᠠᠷ ᠪᠣᠯᠣᠯ᠎ᠠ᠃        ᠨᠢᠭᠡ᠂ ᠪᠤᠭᠲᠠ ᠠᠭᠤᠯᠠ ᠶᠢᠨ ᠲᠠᠬᠢᠯᠭ᠎ᠠ ᠶᠢᠨ ᠶᠣᠰᠣᠯᠠᠯ        ᠠᠷᠭ᠎ᠠ ᠶᠢᠨ ᠤᠯᠠᠷᠢᠯ ᠤᠨ 2024 ᠣᠨ ᠤ 7 ᠰᠠᠷ᠎ᠠ ᠶᠢᠨ 7 ᠤ ᠡᠳᠦᠷ ︵ᠪᠢᠯᠢᠭ ᠤᠨ ᠣᠯᠠᠷᠢᠯ ᠤᠨ ᠵᠢᠷᠭᠤᠭᠠᠨ ᠰᠠᠷ᠎ᠠ ᠶᠢᠨ ᠰᠢᠨ᠎ᠡ ᠶᠢᠨ ᠬᠤᠶᠠᠷ︶ ᠤᠨ ᠥᠷᠯᠥᠭᠡ ᠶᠢᠨ 3᠄ 00- 5᠄ 00        ᠬᠤᠶᠠᠷ᠂ ᠣᠷᠤᠯᠳᠤᠭᠠᠨ ᠤ ᠳᠦᠷᠣᠯ        1.256 ᠬᠦᠴᠦᠲᠦ ᠪᠥᠬᠡ ᠶᠢᠨ ᠪᠠᠷᠢᠯᠳᠤᠭᠠᠨ        2.ᠮᠣᠷᠢᠨ ᠣᠷᠣᠯᠳᠤᠭᠠᠨ ︵30 ᠭᠠᠵᠠᠷ ᠤᠨ ᠬᠤᠷᠳᠤᠨ ᠮᠣᠷᠢᠨ ᠤ ᠣᠷᠣᠯᠳᠤᠭᠠᠨ᠂ 15 ᠭᠠᠵᠠᠷ ᠤᠨ ᠵᠢᠷᠤᠭ᠎ᠠ ᠮᠣᠷᠢᠨ ᠤ ᠣᠷᠣᠯᠳᠣᠭᠠᠨ᠂ 15 ᠭᠠᠵᠠᠷ ᠤᠨ ᠬᠠᠲᠠᠷᠢᠶ᠎ᠠ ᠮᠣᠷᠢᠨ ᠤ ᠣᠷᠣᠯᠳᠣᠭᠠᠨ︶ ᠳᠣᠳᠣᠷᠠᠬᠠᠢᠶᠢᠯᠠᠬᠤ  ᠨᠢ᠄ ᠣᠷᠤᠯᠳᠤᠭᠠᠨ ᠤ ᠮᠣᠷᠢᠨ ᠤ ᠡᠭᠦᠯᠳᠡᠷ ᠢᠯᠭᠠᠬᠤ ᠦᠭᠡᠢ᠂ ᠠᠵᠢᠷᠠᠭ᠎ᠠ ᠪᠠ ᠭᠡᠭᠦᠦ ᠣᠷᠣᠯᠴᠠᠭᠤᠯᠬᠤ ᠦᠭᠡᠢ᠃        3.ᠰᠤᠷ ᠬᠠᠷᠪᠤᠯᠲᠠ ᠶᠢᠨ ᠮᠥᠷᠦᠶᠢᠴᠡᠭᠡᠨ ᠲᠣᠳᠣᠷᠬᠠᠶᠢᠯᠠᠬᠤ ᠨᠢ᠄ ᠰᠤᠷᠴᠢᠳ ᠡᠷᠬᠡᠪᠰᠢ ᠡᠪᠡᠷ ᠨᠣᠮᠤ ᠪᠠᠷ ᠡᠷᠡᠭᠡᠶᠢᠪᠴᠢᠯᠡᠨ ᠬᠠᠷᠪᠤᠵᠤ᠂ ᠢᠯᠡ ᠬᠠᠷᠠᠭ᠎ᠠ ᠪᠠᠶᠢᠵᠤ ᠪᠣᠯᠬᠤ ᠦᠭᠡᠢ᠃        ᠭᠤᠷᠪᠠ᠄ ᠣᠷᠤᠯᠳᠤᠭᠠᠨ ᠤ ᠱᠠᠩ        1.ᠪᠥᠭᠡ ᠶᠢᠨ ᠲᠡᠷᠢᠭᠦᠨ᠄ ᠬᠤᠶᠠᠷ ᠲᠦᠮᠡᠨ ᠲᠦᠭᠦᠷᠢᠭ + ᠬᠤᠨᠳᠠᠭ᠎ᠠ        ᠳᠡᠳ᠋᠄ ᠨᠢᠭᠡ ᠳᠦᠮᠡᠨ ᠳᠦᠭᠦᠷᠢᠭ+ ᠬᠤᠨᠳᠠᠭ᠎ᠠ        2. ᠭᠤᠷᠪᠡᠨ ᠳᠦᠷᠣᠯ ᠤᠨ ᠮᠣᠷᠢᠨ ᠣᠷᠣᠯᠳᠤᠭᠠᠨ᠄        ᠬᠤᠷᠳᠤᠨ ᠮᠣᠷᠢᠨ ᠤ ᠲᠡᠷᠢᠭᠦᠨ᠄ ᠲᠠᠪᠣᠨ ᠮᠢᠩᠭᠠᠨ ᠳᠦᠭᠦᠷᠢᠭ        ᠲᠡᠳ᠋᠄ ᠭᠤᠷᠪᠠᠨ ᠮᠢᠩᠭᠠᠨ ᠳᠦᠭᠦᠷᠢᠭ        ᠵᠢᠷᠤᠭ᠎ᠠ ᠮᠣᠷᠢᠨ ᠤ ᠲᠡᠷᠢᠭᠦᠨ᠄ ᠭᠤᠷᠪᠠᠨ ᠮᠢᠩᠭᠠᠨ ᠳᠦᠭᠦᠷᠢᠭ        ᠲᠡᠳ᠋᠄ ᠬᠤᠶᠠᠷ ᠮᠢᠩᠭᠠᠨ ᠳᠦᠭᠦᠷᠢᠭ        ᠬᠠᠲᠡᠷᠢᠶ᠎ᠠ ᠮᠣᠷᠢᠨ ᠤ ᠲᠡᠷᠢᠭᠦᠨ᠄ ᠭᠤᠷᠪᠠᠨ ᠮᠢᠩᠭᠠᠨ ᠳᠦᠭᠦᠷᠢᠭ        ᠲᠡᠳ᠋᠄ ᠬᠤᠶᠠᠷ ᠮᠢᠩᠭᠠᠨ ᠳᠦᠭᠦᠷᠢᠭ        3. ᠰᠣᠷ ᠬᠠᠷᠪᠤᠯᠲᠠ ᠶᠢᠨ ᠣᠷᠣᠯᠳᠤᠭᠠᠨ᠄        ᠲᠡᠷᠢᠭᠦᠨ᠄ ᠭᠤᠷᠪᠡᠨ ᠮᠢᠩᠭᠠᠨ ᠳᠦᠭᠦᠷᠢᠭ        ᠲᠡᠳ᠋᠄ ᠬᠤᠶᠠᠷ ᠮᠢᠩᠭᠠᠨ ᠳᠦᠭᠦᠷᠢᠭ        ᠳᠥᠷᠪᠡ᠂ ᠨᠠᠶᠢᠷ ᠤᠨ ᠴᠠᠭ ᠪᠠ ᠭᠠᠵᠠᠷ ᠣᠷᠣᠨ        ᠠᠷᠭ᠎ᠠ ᠶᠢᠨ ᠤᠯᠠᠷᠢᠯ ᠤᠨ 2024 ᠣᠨ ᠤ 7 ᠰᠠᠷ᠎ᠠ ᠶᠢᠨ 7 ᠤ ᠡᠳᠦᠷ ︵ᠪᠢᠯᠢᠭ ᠤᠨ ᠤᠯᠠᠷᠢᠯ ᠤᠨ ᠵᠢᠷᠭᠤᠭᠠᠨ ᠰᠠᠷ᠎ᠠ ᠶᠢᠨ ᠰᠢᠨ᠎ᠠ ᠶᠢᠨ ᠬᠤᠶᠠᠷ︶ ᠠᠷᠤ ᠬᠤᠷᠴᠢᠨ ᠬᠤᠰᠢᠭᠤᠨ ᠤ ᠬᠤᠨᠲᠤ ᠪᠠᠯᠭᠠᠰᠤ ᠶᠢᠨ ᠨᠠᠶᠢᠷ ᠤᠨ ᠳᠠᠯᠠᠪᠠᠢ ᠳᠤ ᠶᠠᠪᠤᠭᠲᠠᠨ᠎ᠠ᠃ ᠨᠠᠶᠢᠷ ᠲᠤ ᠣᠷᠣᠯᠴᠠᠬᠤ ᠪᠥᠭᠡᠴᠤᠳ᠂ ᠤᠶᠠᠭᠠᠴᠢᠳ᠂ ᠰᠤᠷᠴᠢᠳ ᠠᠮᠤᠷ ᠲᠦᠪᠰᠢᠨ  ᠤ ᠠᠰᠠᠭᠤᠳᠠᠯ ᠢᠶᠠᠨ ᠥᠪᠡᠷᠲᠡᠭᠡᠨ ᠬᠠᠷᠢᠭᠤᠴᠠᠨ᠎ᠠ᠃        ᠳᠠᠪᠤ᠂ ᠨᠡᠷ᠎ᠡ ᠮᠡᠳᠡᠭᠦᠯᠬᠦ ᠴᠠᠭ ᠵᠢᠴᠢ ᠬᠠᠷᠢᠯᠴᠠᠬᠤ ᠬᠥᠮᠥᠨᠪᠥᠭᠡᠴᠤᠳ᠂ ᠰᠤᠷᠴᠢᠳ᠂ ᠤᠶᠠᠭᠠᠴᠢᠳ ᠠᠷᠭ᠎ᠠ ᠶᠢᠨ ᠣᠯᠠᠷᠢᠯ ᠤᠨ 2024 ᠣᠨ ᠤ 7 ᠰᠠᠷ᠎ᠠ ᠶᠢᠨ 6 ᠤ ᠡᠳᠦᠷ ︵ᠪᠢᠯᠢᠭ ᠤᠨ ᠣᠯᠠᠷᠢᠯ ᠤᠨ ᠵᠢᠷᠭᠤᠭᠠᠨ ᠰᠠᠷ᠎ᠡ ᠶᠢᠨ ᠰᠢᠨ᠎ᠡ ᠶᠢᠨ ᠨᠢᠭᠡᠨ︶ ᠤᠨ 17 : 00 ᠠᠴᠠ ᠡᠮᠦᠨ᠎ᠡ ᠨᠡᠷ᠎ᠡ ᠮᠡᠳᠡᠭᠦᠯᠵᠦ ᠲᠠᠭᠤᠰᠬᠤ ᠬᠡᠷᠡᠭᠲᠡᠢ᠃ ᠭᠠᠳᠡᠷ ᠣᠷᠣᠨ ᠤ ᠪᠥᠭᠡᠴᠦᠳ᠂ ᠰᠤᠷᠴᠢᠳ ᠬᠤᠰᠢᠭᠤ ᠪᠠᠷ ᠨᠢᠭᠡᠴᠡᠯᠡᠨ ᠨᠡᠷ᠎ᠡ ᠮᠡᠳᠡᠭᠦᠯᠦᠨ᠎ᠡ᠃                     ᠭᠤᠣᠯ ᠭᠠᠴᠠᠭᠠᠨ ᠤ ᠨᠠᠮ ᠤᠨ ᠡᠭᠦᠷ ᠭᠠᠴᠠᠭᠠᠨ ᠵᠥᠪᠯᠡᠯ
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号