| | ᠵᠠᠮ ᠨᠢ ᠰᠠᠷᠠᠭᠤᠯ ᠲᠠᠷᠳᠠᠩ᠂ ᠣᠢ ᠮᠣᠳᠣ ᠨᠢ ᠢᠡᠡᠴᠤ ᠰᠠᠬᠤᠯᠢᠭ᠂ ᠬᠦᠷᠢᠶ᠎ᠡ ᠬᠠᠰᠢᠶ᠎ᠡ ᠨᠢ ᠲᠠᠰᠢ | ᠴᠠᠮᠴᠡᠭᠡᠷ᠂ ᠭᠤᠣᠯ ᠭᠤᠷᠤᠬ᠎ᠠ ᠨᠢ ᠴᠡᠪᠡᠷ ᠲᠣᠩᠭᠠᠯᠠᠭ ᠁ ᠡᠨᠡ ᠪᠣᠯ ᠱᠣᠣ ᠪᠠᠯᠭᠠᠰᠤᠨ ᠤ ᠬᠥᠮᠥᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠬᠠᠰᠡᠨ ᠦᠷ᠎ᠡ ᠪᠦᠲᠦᠬᠡᠯ ᠤᠨ ᠬᠤᠷᠢᠶᠠᠩᠭᠤᠢ ᠲᠦᠷᠰᠤ | ᠪᠣᠯᠣᠨ᠎ᠠ᠃ 2024 ᠣᠨ ᠳᠤ᠂ ᠱᠣᠣ ᠪᠠᠯᠭᠠᠰᠤ ᠶᠢᠨ ᠬᠢᠨ ᠬᠥᠳᠡᠭᠡ ᠲᠣᠰᠬᠤᠨ ᠤ ᠣᠷᠣᠰᠢᠠ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠬᠦᠯᠵᠢᠯᠡᠨ ᠠᠬᠢᠭᠤᠯᠵᠤ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ︽ᠠᠷᠢᠭᠤᠨ ᠴᠡᠪᠡᠷ᠂ ᠦᠵᠡᠰᠬᠦᠯᠡᠩᠲᠤ ᠰᠠᠶᠢᠬᠠᠨ᠂ ᠨᠣᠭᠤᠭᠠᠷᠠᠭᠤᠯᠤᠯᠲᠡ | ᠰᠠᠶᠢᠨ︾ ᠠᠵᠢᠯ ᠤᠨ ᠪᠠᠷᠢᠮᠵᠢᠶ᠎ᠠ ᠶᠢᠨ ᠲᠣᠭᠤᠷᠢᠨ ᠳᠤ᠂ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠣᠨᠢᠨ ᠳᠡᠭᠡᠷ᠎ᠡ | ᠨᠢ ᠬᠦᠴᠣᠯᠡᠵᠤ᠂ ︽ᠮᠡᠷᠠᠶᠢᠨ ᠠᠵᠢᠯᠯᠠᠬᠤ︾ ᠪᠠᠷ ᠬᠥᠳᠡᠭᠡ ᠲᠣᠰᠢᠬᠨ ᠢ ᠴᠢᠮᠡᠭᠯᠡᠵᠤ᠂ ᠬᠥᠳᠡᠭᠡ ᠲᠣᠰᠬᠤᠨ ᠤ | ᠦᠩᠬᠡ ᠲᠦᠷᠰᠦ ᠶᠢ ︽ᠪᠤᠳᠠᠲᠡᠢ︾ ᠪᠠᠷ ᠰᠢᠨᠡᠳᠬᠡᠵᠡᠢ᠃ | | | | ᠱᠣᠣ ᠪᠠᠯᠭᠠᠰᠤ ᠨᠢ ︽ᠪᠠᠯᠭᠠᠰᠤ᠂ ᠲᠣᠰᠬᠤᠨ᠂ ᠲᠣᠣᠷᠵᠢᠯ ᠤᠨ ᠠᠵᠢᠯᠳᠠᠨ᠂ ᠣᠯᠠᠨ ᠲᠥᠮᠡᠨ︾ | ᠬᠤᠯᠪᠤᠭᠠᠯᠠᠨ ᠬᠥᠳᠡᠯᠤᠯᠴᠡᠬᠦ ᠬᠡᠯᠪᠠᠷᠢ ᠪᠠᠷ ︽ᠭᠤᠣᠯ ᠣᠳᠤᠷᠢᠳᠤᠯᠭ᠎ᠠ ᠪᠠᠶᠢᠷᠢᠯᠠᠭᠤᠯᠤᠯᠲᠠ ᠶᠢᠨ ᠠᠵᠢᠯ ᠢ | ᠠᠳᠬᠤᠬᠤ᠂ ᠭᠠᠴᠠᠭ᠎ᠠ ᠲᠣᠰᠬᠤᠨ ᠤ ᠳᠠᠭᠠᠭᠠᠴᠢᠯᠠᠯᠲᠡ ᠶᠢᠨ ᠤᠳᠤᠷᠢᠳᠤᠯᠭ᠎ᠠ ᠱᠠᠭᠠᠷᠳᠠᠨ ᠰᠢᠮᠳᠠᠭᠤᠯᠬᠤ ᠠᠵᠢᠯ ᠢ | ᠠᠳᠬᠤᠬᠤ᠂ ᠭᠠᠴᠠᠭ᠎ᠠ ᠲᠣᠰᠬᠤᠨ ᠤ ᠬᠤᠶᠠᠷ ᠵᠥᠪᠯᠠᠯ︶ ᠨᠢᠭᠡᠳᠦᠭᠡᠷ ᠹᠷᠣᠨᠲ ᠤᠨ ᠠᠵᠢᠯ ᠢ ᠠᠣᠡᠬᠤᠬᠤ᠂ | ᠲᠣᠰᠬᠤᠨ ᠤ ᠠᠷᠠᠳ ᠣᠯᠠᠨ ᠪᠦᠭᠦᠳᠡᠭᠡᠷ ᠣᠷᠣᠯᠴᠠᠬᠤ︾ ᠠᠵᠢᠯ ᠤᠨ ᠲᠤᠭᠳᠠᠴᠠ ᠶᠢ ᠲᠡᠭᠦᠯᠳᠡᠷᠵᠢᠭᠦᠯᠵᠤ᠂ | ᠭᠠᠴᠠᠭ᠎ᠠ ᠲᠣᠰᠬᠤᠨ ᠤ ᠲᠠᠭᠠᠭᠠᠴᠢᠯᠠᠯᠲᠠ ᠶᠢᠨ ᠺᠠᠳ᠋ᠷ ᠪᠥᠬᠦᠨ ᠢ ᠭᠠᠴᠠᠭ᠎ᠠ ᠲᠣᠰᠬᠤᠨ ᠳᠤ ᠣᠴᠢᠭᠤᠯᠵᠤ᠂ ᠮᠠᠯᠴᠢᠨ | ᠲᠠᠷᠢᠶᠠᠴᠢᠨ ᠲᠦᠮᠡᠨ ᠢ ᠬᠥᠳᠥᠯᠤᠨ ᠵᠢᠯᠤᠭᠤᠤᠳᠴᠦ ᠪᠠᠶᠢᠭᠠᠳ ᠬᠥᠳᠡᠭᠡ ᠲᠣᠰᠬᠤᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠣᠷᠤᠯᠴᠠᠭᠤᠯᠵᠤ᠂ ᠣᠯᠠᠨ ᠤ ᠤᠬᠠᠭᠠᠨ ᠬᠠᠮᠲᠤ ᠶᠢᠨ | ᠬᠦᠴᠦᠨ ᠤ ᠦᠢᠯᠡᠳᠣᠯ ᠢ ᠬᠦᠢᠴᠡᠳ ᠪᠠᠳᠠᠷᠠᠭᠤᠯᠤᠨ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ | ᠪᠠᠶᠢᠭᠤᠯᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠨ ᠡᠷᠡᠯᠭᠡᠭᠯᠡᠨ ᠠᠵᠢᠯᠯᠠᠪᠠ᠃ | | | | | | ᠦᠶᠢᠯᠠᠭᠠᠭᠰᠠᠨ ᠢᠶᠠᠷ᠂ ᠱᠣᠣ ᠪᠠᠯᠭᠠᠰᠤ ᠬᠠᠪᠤᠷ ᠤᠨ ᠣᠯᠠᠷᠢᠯ ᠠᠴᠠ ᠨᠠᠭᠠᠰᠢ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠥᠨ᠂ ᠡᠯ᠎ᠡ ᠭᠠᠴᠠᠭ᠎ᠠ ᠲᠣᠰᠬᠤᠨ | ᠬᠠᠷᠢᠶ᠎ᠠ ᠣᠷᠣᠨ ᠤ ᠪᠠᠨ ᠭᠤᠣᠯ ᠵᠠᠮ᠂ ᠭᠤᠣᠯ ᠤᠨ ᠵᠠᠮ ᠵᠢᠴᠢ ᠬᠤᠭ ᠨᠤᠪᠰᠢ ᠶᠢ ᠬᠤᠷᠢᠶᠠᠨ ᠬᠠᠳᠠᠭᠠᠯᠠᠬᠤ ᠭᠠᠵᠠᠷ | ᠵᠡᠷᠭᠡ ᠭᠤᠣᠯᠳᠠᠯᠭ᠎ᠠ ᠲᠠᠢ ᠣᠷᠣᠨ ᠪᠦᠰᠠ ᠶᠢᠨ ᠴᠡᠭᠴᠡᠯᠡᠯᠳᠡ ᠶᠢᠨ ᠠᠵᠢᠯ ᠢ ᠴᠢᠩᠭ᠎ᠠ ᠠᠩᠬᠠᠷᠴᠤ᠂ ᠬᠤᠭ ᠨᠣᠪᠰᠢ | ᠴᠡᠪᠠᠷᠯᠠᠨ ᠲᠡᠭᠡᠭᠡᠪᠣᠷᠢᠯᠡᠬᠦ ᠲᠡᠷᠭᠡ ᠵᠡᠷᠭᠡ ᠮᠠᠰᠢᠨ ᠲᠥᠭᠦᠭᠡᠷᠤᠮᠵᠢ ᠶᠢ ᠨᠡᠶᠢᠳᠠ 100 ᠭᠠᠷᠤᠢ ᠰᠡᠦᠷᠢ ᠬᠥᠲᠡᠯᠭᠡᠵᠦ᠂ | ᠣᠯᠠᠨ ᠲᠦᠮᠡᠨ᠂ ᠴᠡᠪᠡᠷᠯᠡᠭᠴᠢ᠂ ᠰᠠᠶᠢᠨ ᠲᠤᠷᠠᠴᠤᠳ ᠵᠡᠷᠭᠡ 800 ᠭᠠᠷᠤᠢ ᠬᠥᠮᠥᠨ ᠢ ᠲᠠᠶᠢᠴᠢᠯᠠᠨ ᠠᠮᠢᠳᠤᠷᠠᠯ | ᠤᠨ ᠬᠤᠭ ᠨᠤᠪᠰᠢ᠂ ᠮᠠᠯ ᠤᠨ ᠢᠯᠭᠠᠳᠠᠰᠤ᠂ ᠡᠪᠡᠰᠤ ᠲᠦᠯᠡᠭᠡ᠂ ᠰᠦᠯᠢᠶᠣᠤ ᠬᠠᠶᠠᠭᠳᠠᠮᠡᠯ ᠵᠡᠷᠭᠡ ᠨᠡᠶᠢᠳᠠ 300 | ᠢᠯᠡᠭᠦᠦ ᠲᠣᠨ ᠬᠤᠭ ᠨᠤᠪᠰᠢ ᠶᠢ ᠪᠦᠬᠦ ᠬᠦᠴᠦᠨ ᠢᠶᠠᠷ ᠢᠶᠠᠨ ᠠᠷᠢᠯᠭᠠᠨ ᠴᠠᠪᠠᠷᠯᠠᠪᠠ᠃ ᠡᠭᠦᠨ ᠤ ᠬᠠᠮᠲᠤ᠂ ᠡᠯ᠎ᠡ | ᠭᠠᠴᠠᠭ᠎ᠠ ᠲᠤᠰᠬᠤᠨ ᠣᠯᠠᠨ ᠲᠦᠮᠡᠨ ᠢ ᠲᠠᠶᠢᠴᠢᠯᠠᠨ ᠪᠦᠢᠲᠡ ᠪᠦᠭᠯᠡᠭᠦᠦ ᠵᠢᠵᠢᠭ ᠭᠤᠳᠣᠮᠵᠢ᠂ ᠬᠦᠷᠢᠶ᠎ᠡ ᠬᠠᠰᠢᠶ᠎ᠡ | ᠶᠢᠨ ᠳᠣᠳᠣᠨ᠎ᠠ ᠭᠠᠳᠡᠨ᠎ᠠ᠂ ᠭᠡᠷ ᠤᠨ ᠠᠷᠤ ᠡᠮᠦᠨ᠎ᠠ᠂ ᠭᠤᠣᠯ ᠤᠨ ᠲᠠᠩ᠂ ᠭᠤᠣ ᠰᠤᠪᠠᠭ ᠵᠡᠷᠭᠡ ᠬᠤᠭ ᠨᠤᠪᠰᠢ | ᠠᠮᠠᠷᠠᠬᠠᠨ ᠬᠤᠷᠠᠬᠤ ᠭᠠᠵᠠᠷ ᠲᠤ ᠴᠡᠭᠴᠡᠯᠡᠨ ᠵᠠᠰᠠᠬᠤ ᠠᠵᠢᠯ ᠦᠷᠨᠢᠭᠦᠯᠵᠦ᠂ ︽ᠵᠠᠰᠠᠮᠠᠯ ᠵᠠᠮ ᠲᠠᠭᠠᠤ ᠶᠢᠨ ᠭᠠᠵᠠᠷ ᠢ | ᠡᠳᠦᠷ ᠡᠳᠦᠷ ᠱᠦᠭᠦᠷᠳᠡᠵᠦ᠂ ᠪᠦᠢᠲᠡ ᠪᠥᠭᠯᠡᠭᠦᠦ ᠵᠢᠵᠢᠭ ᠭᠤᠳᠤᠮᠵᠢ ᠶᠢ ᠴᠡᠪᠡᠷᠯᠡᠬᠦ ᠬᠥᠮᠥᠨ ᠦᠭᠡᠢ︾ ᠪᠠᠶᠢᠳᠠᠯ ᠢ | ᠦᠨᠳᠦᠰᠦᠨ ᠠᠴᠠ ᠨᠢ ᠬᠤᠷᠢᠭᠯᠠᠨ ᠵᠠᠰᠡᠪᠠ᠃ | | | | ᠳᠠᠷᠠᠭᠠᠴᠢ ᠶᠢᠨ ᠠᠯᠬᠤᠮ ᠳᠤ᠂ ᠱᠣᠣ ᠪᠠᠯᠭᠠᠰᠤ ᠨᠢ ᠥᠨᠳᠥᠷ ᠪᠠᠷᠢᠮᠵᠢᠶ᠎ᠡ ᠴᠢᠩᠭ᠎ᠠ ᠱᠠᠭᠠᠷᠳᠠᠯᠠᠭ᠎ᠠ ᠪᠠᠷ | ᠤᠷᠲᠤ ᠬᠤᠭᠤᠴᠠᠭᠠᠨ ᠤ ᠪᠦᠳᠦᠮᠵᠢᠲᠠᠢ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠯᠠᠪᠲᠠᠭᠤᠨ ᠪᠠᠲᠤᠲᠠᠢ | ᠰᠠᠶᠢᠳᠤᠷ ᠬᠢᠵᠤ᠂ ᠠᠮᠢ ᠠᠬᠤᠢ ᠰᠠᠶᠢᠨ ᠰᠠᠶᠢᠬᠠᠨ᠂ ᠡᠷᠡᠭᠦᠯ ᠬᠠᠮᠠᠭᠠᠯᠠᠯ ᠠᠷᠢᠭᠤᠨ ᠴᠡᠪᠡᠷ᠂ ᠨᠡᠶᠢᠭᠡᠮ ᠪᠣᠯᠪᠠᠰᠤᠨ | ᠡᠶ᠎ᠡ ᠵᠣᠬᠢᠴᠠᠩᠭᠤᠢ ᠣᠷᠣᠰᠢᠨ ᠰᠠᠭᠤᠬᠤ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠦ᠂ ᠡᠶ᠎ᠡ ᠵᠣᠬᠢᠴᠡᠯᠲᠦ | ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠰᠢᠨ᠎ᠡ ᠥᠩᠭᠡ ᠦᠵᠡᠮᠵᠢ ᠶᠢ ᠲᠠᠰᠤᠷᠠᠯᠲᠡ ᠦᠭᠡᠢ ᠵᠢᠷᠤᠭᠯᠠᠬᠤ | ᠪᠣᠯᠣᠨ᠎ᠠ᠃ ︵ᠰᠠᠶᠢᠬᠠᠡᠬᠤᠸᠠᠷ᠂ ᠴᠡᠯᠮᠡᠭ︶ | | | | | |