| | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨᠬᠥ᠋ᠮᠥᠵᠢᠯ ᠤᠨ ᠬᠠᠮᠵᠢᠯᠴᠠᠭ᠎ᠠ ᠶᠢ | ᠦᠷᠭᠦᠯᠵᠢᠯᠡᠨ ᠬᠥᠨᠵᠡᠭᠡᠶᠢᠷᠡᠭᠦᠯᠵᠦ᠂ ᠲᠤᠮᠳᠡᠳᠦ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ | ᠣᠯᠠᠮ ᠨᠢᠭᠡ ᠠᠯᠬᠤᠮ ᠪᠠᠳᠤᠤᠳᠬᠠᠨ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠬᠠᠪᠰᠤᠷᠤᠯᠴᠠᠭ᠎ᠠ ᠶᠢᠨ | ᠰᠤᠷᠭᠠᠭᠤᠯᠢ ᠶᠢᠨ ᠬᠤᠭᠤᠷᠣᠨᠳᠦᠭᠢ ᠬᠠᠷᠢᠯᠴᠠᠨ ᠬᠤᠯᠪᠤᠭᠠᠯᠠᠵᠤ ᠬᠠᠷᠢᠯᠴᠠᠨ ᠶᠠᠪᠤᠯᠴᠠᠬᠤ᠂ ᠲᠠᠪᠠᠭᠤᠯᠢᠭ ᠢᠶᠠᠷ ᠢᠶᠠᠨ | ᠬᠠᠷᠢᠯᠴᠠᠨ ᠨᠥᠬᠦᠪᠤᠷᠢᠯᠡᠬᠦ᠂ ᠬᠠᠮᠲᠦ ᠪᠠᠷ ᠡᠳ᠋ᠯᠡᠵᠤ ᠠᠭᠤᠰᠤᠯᠴᠠᠬᠤ ᠶᠢ ᠦᠨᠡᠨ ᠬᠦ ᠴᠢᠩᠭᠠᠣᠡᠬᠠᠬᠤ ᠶᠢᠨ ᠲᠥᠯᠥᠭᠡ᠂ | 7 ᠰᠠᠷ᠎ᠡ ᠶᠢᠨ ᠡᠬᠢ ᠪᠠᠷ᠂ ᠴᠢᠪᠠᠭ᠎ᠠ ᠶᠢᠨ ᠮᠣᠩᠭᠤᠯ ᠦᠨᠳᠦᠰᠤᠲᠡᠨ ᠤ ᠲᠤᠮᠳᠡᠳᠦ ᠰᠤᠷᠭᠠᠭᠤᠯᠢ ᠪᠣᠯᠣᠨ | ᠴᠢᠪᠠᠭ᠎ᠠ ᠶᠢᠨ ᠳᠠᠪᠤᠳᠤᠭᠠᠷ ᠳᠤᠮᠳᠠᠳᠤ ᠰᠤᠷᠭᠠᠭᠤᠯᠢ ᠶᠢᠨ ᠺᠠᠳ᠋ᠷ ᠪᠠᠭᠰᠢ ᠠᠵᠢᠯᠲᠠᠨ ᠨᠡᠶᠢᠲᠡ 85 ᠬᠥᠮᠥᠨ ᠪᠡᠭᠡᠵᠢᠩ | ᠬᠤᠲᠠ ᠶᠢᠨ ᠨᠢᠭᠡ ᠵᠠᠭᠤ ᠵᠢᠷᠠᠨ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠾᠦᠢ ᠯᠥᠩ ᠭᠤᠸᠠᠨ ᠰᠤᠷᠭᠠᠭᠤᠯᠢ ᠳᠤ | ᠬᠥᠨᠵᠡᠭᠡᠶᠢᠷᠡᠨ ᠬᠤᠶᠠᠷ ᠡᠳᠦᠷ ᠤᠨ ᠬᠤᠭᠤᠴᠠᠭ᠎ᠠ ᠲᠠᠢ ᠰᠤᠳᠤᠯᠤᠨ ᠰᠤᠷᠤᠯᠴᠠᠬᠤ ᠰᠤᠯᠢᠯᠴᠠᠭ᠎ᠠ ᠥᠷᠨᠢᠭᠦᠯᠵᠠᠢ᠃ | | | | ᠲᠤᠰ ᠤᠳᠠᠭᠠᠨ ᠤ ᠰᠤᠳᠤᠯᠤᠨ ᠰᠤᠷᠤᠯᠴᠠᠬᠤ ᠰᠤᠯᠢᠯᠴᠠᠭ᠎ᠠ ᠨᠢ ᠰᠤᠷᠣᠭᠴᠢᠳ ᠤᠨ ᠵᠠᠩ ᠲᠠᠣᠡᠬᠠᠯ ᠢ | ᠬᠥᠮᠥᠵᠢᠭᠦᠯᠬᠦ᠂ ᠲᠦᠷᠢᠮ ᠲᠣᠭᠳᠠᠭᠠᠨ ᠲᠠᠣᠡᠬᠠᠯᠵᠢᠭᠤᠯᠬᠤ ᠪᠠ ᠠᠵᠢᠯᠯᠠᠭ᠎ᠠ ᠪᠠᠷ ᠬᠥᠮᠥᠨ ᠢ ᠬᠥᠮᠥᠵᠢᠭᠦᠯᠬᠦ | ᠲᠡᠷᠢᠭᠦᠨ ᠤ ᠠᠷᠭ᠎ᠠ ᠬᠢᠳᠠᠯ᠂ ᠭᠡᠷ ᠪᠦᠯᠢ ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠵᠢᠯ ᠤᠨ ᠪᠠᠶᠢᠳᠠᠯ᠂ | ᠨᠡᠶᠢᠭᠡᠮ ᠤᠨ ᠪᠦᠯᠬᠦᠮ ᠤᠨ ᠬᠢᠴᠢᠶᠠᠯ ᠤᠨ ᠥᠪᠡᠷᠮᠢᠴᠡ ᠣᠡᠴᠠᠯᠢᠭ ᠪᠦᠬᠦᠢ ᠦᠷ᠎ᠡ ᠪᠦᠲᠦᠭᠡᠯ᠂ ᠪᠠᠭᠰᠢ | ᠰᠤᠷᠤᠭᠴᠢ ᠶᠢᠨ ᠬᠠᠮᠵᠢᠯᠴᠠᠭ᠎ᠠ ᠵᠢᠴᠢ ᠠᠩᠬ᠎ᠠ ᠵᠡᠷᠭᠡ᠂ ᠦᠨᠳᠦᠷ ᠵᠡᠷᠭᠡ ᠶᠢᠨ ᠲᠤᠮᠳᠡᠳᠦ ᠰᠤᠷᠭᠠᠭᠤᠯᠢ ᠶᠢᠨ ᠬᠥᠮᠥᠨ | ᠬᠥᠮᠥᠵᠢᠭᠦᠯᠬᠦ ᠬᠢᠴᠢᠶᠡᠯ ᠤᠨ ᠬᠠᠷᠠᠯᠲᠠ ᠵᠡᠷᠭᠡ ᠶᠢᠨ ᠲᠣᠭᠤᠷᠢᠨ ᠳᠤ ᠰᠤᠳᠤᠯᠦᠨ ᠰᠤᠷᠤᠯᠴᠠᠬᠤ ᠠᠵᠢᠯᠯᠠᠭ᠎ᠠ | ᠦᠷᠨᠢᠭᠦᠯᠵᠤ᠂ ᠣᠨᠣᠯ + ᠦᠢᠯᠡᠳᠦᠯᠭᠡ᠂ ᠬᠠᠷᠢᠭᠤ ᠮᠡᠳᠡᠭᠦᠯᠦᠯᠲᠡ + ᠦᠵᠡᠭᠦᠯᠭᠡ ᠶᠢᠨ ᠠᠷᠭ᠎ᠠ ᠬᠡᠯᠪᠡᠷᠢ ᠪᠠᠷ | ᠶᠠᠪᠤᠭᠳᠡᠵᠠᠢ᠃ ᠨᠢᠭᠡ ᠵᠠᠭᠤ ᠵᠢᠷᠡᠨ ᠨᠢᠭᠡᠳᠦᠭᠡᠷ ᠲᠤᠮᠳᠡᠳᠤ ᠰᠤᠷᠭᠠᠭᠤᠯᠢ ᠶᠢᠨ ᠪᠠᠭᠰᠢ ᠨᠠᠷ ᠨᠠᠷᠢᠨ ᠨᠢᠮᠪᠠᠶ | ᠳᠣᠬᠢᠷᠠᠭᠤᠯᠤᠯᠲᠠ ᠬᠢᠵᠤ᠂ ᠪᠥᠬᠦᠨ ᠢ ᠬᠠᠮᠤᠷᠤᠨ ᠵᠢᠭᠠᠵᠤ᠂ ᠮᠠᠨ ᠤ ᠬᠤᠰᠢᠭᠤᠨ ᠤ ᠠᠵᠢᠯᠯᠠᠭ᠎ᠠ ᠳᠤ ᠣᠷᠣᠯᠴᠠᠭᠰᠠᠨ | ᠺᠠᠳ᠋ᠷ ᠪᠠᠭᠰᠢ ᠨᠠᠷ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠰᠠᠨᠠᠯ ᠪᠣᠳᠣᠯ ᠢᠶᠠᠨ ᠰᠤᠯᠢᠯᠴᠠᠨ᠂ ᠤᠯᠣᠯᠲᠠ ᠶᠡᠬᠡᠲᠡᠢ | ᠪᠠᠶᠢᠯ᠎ᠠ᠃ | | | | ᠵᠢᠯ ᠤᠨ ᠡᠬᠢᠨ ᠠᠴᠠ ᠨᠠᠭᠠᠰᠢ᠂ ᠠᠷᠦ ᠬᠤᠷᠴᠢᠨ ᠬᠤᠰᠢᠭᠤᠨ ᠤ ᠰᠤᠷᠭᠠᠨ ᠬᠥᠮᠥᠵᠢᠯ ᠤᠨ ᠰᠢᠰᠲ᠋ᠧᠮ | ᠶᠡᠷᠦᠩᠬᠡᠢ ᠱᠥᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠬᠥᠨᠵᠡᠭᠡᠢ ᠰᠤᠷᠤᠯᠴᠠᠨ ᠳᠣᠭᠤᠰᠢᠯᠠᠭᠤᠯᠤᠨ ᠨᠡᠶᠢᠲᠠᠪᠤᠷᠢᠵᠢᠭᠤᠯᠵᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ | ᠬᠥᠨᠵᠡᠭᠡᠶᠢᠷᠡᠭᠦᠯᠬᠦ ᠲᠤᠬᠠᠢ ᠨᠠᠮ ᠤᠨ ᠳᠥᠪ ᠬᠤᠷᠢᠶᠠᠨ ᠤ ᠰᠢᠢᠣᠡᠪᠣᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠪᠡᠭᠡᠵᠢᠩ ᠬᠤᠲᠠ ᠶᠢᠨ ᠴᠠᠩᠫᠢᠩ ᠲᠣᠭᠤᠷᠢᠭ ᠯᠤᠭ᠎ᠠ ︽ᠪᠦᠯᠬᠦᠮ ᠪᠠᠶᠢᠭᠤᠯᠬᠤ ᠮᠠᠶ᠋ᠢᠭ︾ | ᠤᠨ ᠰᠤᠷᠭᠠᠨ ᠬᠥᠮᠥᠵᠢᠯ ᠤᠨ ᠬᠠᠮᠵᠢᠯᠴᠠᠭ᠎ᠠ ᠶᠢ ᠬᠥᠨᠵᠡᠭᠡᠢ ᠠᠬᠢᠭᠤᠯᠵᠤ᠂ ︽ᠬᠦᠷᠴᠤ ᠣᠴᠢᠬᠤ᠂ ᠣᠷᠢᠵᠤ | ᠠᠪᠴᠢᠷᠠᠬᠤ︾ ᠬᠡᠯᠪᠠᠷᠢ ᠪᠠᠷ ᠪᠦᠬᠦ ᠬᠤᠰᠢᠭᠤᠨ ᠤ 27 ᠰᠤᠷᠭᠠᠭᠤᠯᠢ ᠶᠢ ᠵᠣᠬᠢᠶᠠᠨ ᠪᠠᠶᠢᠭᠤᠯᠵᠤ ᠴᠠᠩᠫᠢᠩ | ᠲᠤᠭᠤᠷᠢᠭ ᠤᠨ 25 ᠰᠤᠷᠭᠠᠭᠤᠯᠢ ᠲᠠᠢ ᠬᠠᠪᠰᠤᠷᠤᠯᠴᠠᠭ᠎ᠠ ᠬᠠᠮᠲᠤᠷᠠᠯᠴᠠᠭ᠎ᠠ ᠶᠢᠨ ᠠᠵᠢᠯᠯᠠᠭ᠎ᠠ ᠦᠷᠨᠢᠭᠦᠯᠪᠠ᠃ | ᠬᠤᠶᠠᠷ ᠭᠠᠵᠠᠷ ᠤᠨ ᠰᠤᠷᠭᠠᠭᠤᠯᠢ ᠬᠤᠭᠤᠷᠣᠳᠤ ᠪᠠᠨ ᠪᠠᠭᠰᠢᠯᠠᠬᠤ ᠪᠠᠷ ᠰᠤᠷᠭᠠᠨ ᠬᠥᠮᠥᠵᠢᠯ ᠢ ᠲᠠᠮᠵᠢᠬᠦ᠂ | ᠰᠦᠯᠵᠢᠶᠡᠨ ᠳᠡᠭᠡᠷ᠎ᠡ ᠵᠢᠭᠠᠨ ᠰᠤᠳᠤᠯᠬᠤ᠂ ᠠᠵᠢᠯ ᠤᠨ ᠪᠠᠶᠢᠷᠢ ᠶᠢ ᠲᠠᠭᠠᠵᠤ ᠪᠣᠯᠪᠠᠰᠤᠷᠠᠭᠤᠯᠬᠤ᠂ ᠰᠤᠷᠭᠠᠭᠤᠯᠢ ᠳᠤ | ᠤᠷᠤᠬᠤ ᠵᠢᠯᠤᠭᠤᠳᠤᠯᠭ᠎ᠠ ᠬᠢᠬᠦ᠂ ᠪᠠᠭᠰᠢ ᠰᠤᠷᠤᠭᠴᠢ ᠬᠠᠮᠵᠢᠯᠴᠠᠬᠤ᠂ ᠲᠤᠰᠠᠬᠠᠢ ᠮᠡᠷᠭᠡᠵᠢᠯᠲᠠᠨ ᠤ ᠲᠠᠶᠢᠯᠤᠮᠵᠢ ᠬᠢᠬᠦ | ᠵᠡᠷᠭᠡ ᠪᠠᠷ ᠰᠣᠷᠭᠠᠨ ᠬᠥᠮᠥᠵᠢᠯ ᠤᠨ ᠶᠠᠪᠤᠯᠴᠠᠭᠠᠨ ᠤ ᠠᠵᠢᠯᠯᠠᠭ᠎ᠠ ᠦᠷᠨᠢᠭᠦᠯᠵᠤ᠂ ᠪᠥᠬᠦ ᠬᠤᠰᠢᠭᠤᠨ ᠤ ᠪᠠᠭᠰᠢ ᠶᠢᠨ | ᠡᠩᠨᠡᠭᠡ ᠶᠢᠨ ᠲᠣᠰᠬᠠᠢ ᠮᠡᠷᠭᠡᠵᠢᠭᠰᠡᠨ ᠬᠥᠭᠵᠢᠯᠲᠠ ᠶᠢᠨ ᠬᠢᠷᠢ ᠲᠦᠪᠰᠢᠨ ᠢ ᠬᠦᠴᠦᠲᠡᠢ ᠲᠡᠭᠡᠭᠰᠢᠯᠡᠭᠦᠯᠪᠡ᠃ | | | | ᠠᠷᠦ ᠬᠤᠷᠴᠢᠨ ᠬᠤᠰᠢᠭᠤᠨ ᠤ ᠰᠤᠷᠭᠠᠨ ᠬᠥᠮᠥᠵᠢᠯ ᠤᠨ ᠰᠢᠰᠲ᠋ᠧᠮ ᠨᠢ ᠪᠡᠭᠡᠵᠢᠩ ᠬᠤᠲᠠ ᠶᠢᠨ | ᠴᠠᠩᠫᠢᠩ ᠲᠣᠭᠤᠷᠢᠭ ᠤᠨ ᠰᠤᠷᠭᠠᠭᠤᠯᠢ ᠯᠤᠭ᠎ᠠ ᠶᠢᠨ ᠬᠤᠭᠤᠷᠣᠨᠳᠦᠬᠢ ᠬᠠᠪᠰᠤᠷᠤᠨ ᠲᠡᠳᠭᠦᠵᠤ ᠬᠠᠮᠵᠢᠯᠴᠠᠬᠤ | ᠠᠵᠢᠯ ᠢ ᠦᠷᠭᠦᠯᠵᠢᠯᠡᠨ ᠴᠢᠩᠭᠠᠣᠡᠬᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠤᠷᠭᠠᠨ | ᠬᠥᠮᠥᠵᠢᠯ ᠤᠨ ᠲᠠᠯ᠎ᠠ ᠶᠢᠨ ᠬᠥᠨᠵᠡᠭᠡᠢ ᠬᠠᠮᠵᠢᠯᠴᠠᠭ᠎ᠠ ᠶᠢᠨ ᠰᠢᠨ᠎ᠠ ᠭᠡᠪ ᠵᠬᠠᠪᠣᠷ ᠢ ᠢᠳᠡᠪᠬᠢᠲᠡᠢ ᠰᠥᠪᠡᠭᠴᠢᠯᠠᠨ᠂ | ᠪᠡᠭᠡᠵᠢᠭ ᠤᠨ ᠰᠢᠯᠢᠳᠡᠭ ᠰᠤᠷᠭᠠᠭᠤᠯᠢ ᠠᠴᠠ ᠰᠤᠷᠤᠯᠴᠡᠵᠦ᠂ ᠴᠡᠭ ᠠᠴᠠ ᠴᠡᠭ᠂ ︽1+ 1︾ ᠮᠡᠳᠦ ᠶᠢᠨ ᠠᠷᠭ᠎ᠠ | ᠬᠡᠯᠪᠡᠷᠢ ᠪᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢ ᠪᠠᠶᠢᠭᠤᠯᠬᠤ | ᠶᠢᠨ ᠬᠠᠮᠲᠤ᠂ ᠪᠡᠭᠡᠵᠢᠩ ᠤᠨ ︽ᠬᠤᠣᠰ ᠦᠨᠳᠦᠷ︾ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢ | ᠡᠯᠰᠡᠬᠦ ᠲᠥᠯᠥᠪᠯᠡᠭᠡ ᠶᠢ ᠥᠪᠥᠷ ᠮᠣᠩᠭᠤᠯ ᠲᠠᠰᠢ ᠣᠯᠠᠮ ᠨᠢᠭᠡ ᠠᠯᠬᠤᠮ ᠬᠡᠯᠪᠠᠶᠢᠯᠭᠡᠬᠦ ᠠᠰᠢᠭᠲᠠᠢ ᠲᠥᠷᠦ ᠶᠢᠨ | ᠪᠣᠳᠣᠯᠭ᠎ᠠ ᠳᠤ ᠲᠥᠰᠢᠭᠯᠡᠨ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠴᠢᠳᠠᠪᠤᠷᠢᠲᠠᠨ ᠢ ᠨᠡᠩ ᠣᠯᠠᠨ | ᠬᠥᠮᠥᠵᠢᠭᠦᠯᠵᠦ᠂ ᠪᠥᠬᠦ ᠬᠤᠰᠢᠭᠤᠨ ᠤ ᠰᠣᠷᠭᠠᠨ ᠬᠥᠮᠥᠵᠢᠯ ᠤᠨ ᠴᠢᠨᠠᠷ ᠰᠠᠶᠢᠲᠡᠢ ᠬᠥᠭᠵᠢᠯᠲᠡ ᠶᠢ ᠬᠦᠴᠦᠲᠡᠢ | ᠠᠬᠢᠭᠤᠯᠤᠨ᠎ᠠ᠃ | | | |