ᠥᠪᠡᠷᠲᠡᠭᠡᠨ ᠵᠠᠰᠠᠬᠤ ᠣᠷᠣᠨ ᠤ ᠵᠠᠮᠲᠡᠭᠴᠦᠳ ᠤᠨ ᠬᠤᠯᠪᠤᠭ᠎ᠠ ᠶᠢᠨ ᠲᠦᠩ ᠬᠦᠸᠧ ᠴᠢᠩ ᠨᠠᠷ ᠠᠷᠦ ᠬᠤᠷᠴᠢᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/7/11
       7 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮᠳᠡᠭᠴᠦᠳ ᠤᠨ ᠬᠤᠯᠪᠤᠭ᠎ᠠ ᠶᠢᠨ ᠨᠠᠮ  ᠤᠨ ᠣᠳᠣᠷᠢᠳᠬᠤ ᠲᠣᠭᠤᠶᠢᠯᠠᠩ ᠤᠨ ᠱᠥᠵᠢ᠂ ᠬᠡᠷᠡᠭ ᠡᠷᠬᠢᠯᠡᠭᠴᠢᠤᠨ ᠤᠨ ᠲᠠᠷᠤᠭ᠎ᠠ ᠳᠦᠩ ᠬᠦᠸᠧ ᠴᠢᠩ᠂ ᠥᠪᠡᠷᠲᠡᠭᠡᠨ ᠵᠠᠰᠠᠬᠤ ᠣᠷᠣᠨ ᠤ ᠵᠠᠮᠳᠡᠭᠴᠦᠳ ᠤᠨ ᠬᠤᠯᠪᠤᠭ᠎ᠠ ᠶᠢᠨ ᠠᠯᠪᠠᠨ ᠭᠡᠷ ᠤᠨ ᠲᠡᠳ᠋ ᠡᠷᠬᠢᠯᠠᠩᠴᠢ ᠠᠨ ᠱᠣᠣ ᠵᠢᠶᠧ ᠨᠠᠷ ᠠᠷᠦ ᠬᠤᠷᠴᠢᠨ ᠬᠤᠰᠢᠭᠤᠨ ᠳᠤ ᠪᠠᠶᠢᠴᠠᠭᠠᠨ ᠰᠣᠳᠣᠯᠣᠯᠳᠡ ᠬᠢᠪᠠ᠃ ᠤᠯᠠᠭᠠᠡᠬᠠᠳᠡ ᠬᠤᠳᠠ ᠶᠢᠨ ᠵᠠᠰᠠᠭ ᠤᠨ ᠣᠷᠳᠤᠨ ᠤ ᠲᠡᠳ᠋ ᠳᠠᠷᠤᠭ᠎ᠠ ᠶᠠᠩ ᠮᠦ᠂ ᠬᠤᠲᠠ ᠶᠢᠨ ᠵᠡᠮᠳᠡᠭᠴᠤᠤᠨ ᠤᠨ ᠬᠤᠯᠪᠤᠭ᠎ᠠ ᠶᠢᠨ ᠨᠠᠮ ᠤᠨ ᠣᠳᠣᠷᠢᠳᠬᠤ ᠲᠣᠭᠤᠶᠢᠯᠠᠩ ᠤᠨ ᠱᠥᠵᠢ ᠵᠣᠷᠢᠬᠠᠳᠤ᠂ ᠬᠤᠰᠢᠭᠤᠨ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠣᠭᠤᠶᠢᠯᠠᠩ ᠤᠨ ᠱᠥᠵᠢ᠂ ᠲᠡᠷᠢᠭᠦᠯᠡᠭᠴᠢ ᠰᠡᠷᠭᠦᠯᠡᠩ᠂ ᠬᠤᠰᠢᠭᠤᠨ ᠨᠠᠮ ᠤᠨ ᠬᠤᠷᠢᠶ᠎ᠠ ᠶᠢᠨ ᠲᠡᠳ᠋ ᠱᠥᠵᠢ᠂ ᠤᠯᠤᠰ ᠳᠥᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠴᠢ ᠰᠢᠨ ᠮᠢᠶᠣᠣ᠂ ᠬᠤᠰᠢᠭᠤᠨ ᠵᠠᠰᠠᠭ ᠤᠨ ᠣᠷᠳᠤᠨ ᠤ ᠲᠡᠳ᠋ ᠲᠠᠷᠤᠭ᠎ᠠ ᠲᠠᠩ ᠲᠢᠩ ᠲᠢᠩ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠪᠣᠯᠣᠨ ᠭᠠᠵᠠᠷ ᠣᠷᠣᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠤᠯᠴᠠᠪᠠ᠃
       ᠲᠦᠩ ᠬᠦᠸᠧ ᠴᠢᠩ ᠨᠠᠷ ᠠᠷᠦ ᠬᠤᠷᠴᠢᠨ ᠬᠤᠰᠢᠭᠤᠨ ᠤ ᠵᠡᠮᠳᠡᠭᠴᠤᠳ ᠤᠨ ᠡᠷᠡᠭᠦᠯᠵᠢᠯ ᠤᠨ ᠲᠥᠪ ᠲᠤ ᠬᠦᠷᠴᠦ᠂ ᠡᠷᠡᠭᠦᠯᠵᠢᠯ ᠤᠨ ᠲᠥᠪ ᠤᠨ ᠠᠵᠢᠯᠯᠠᠭᠠᠨ ᠤ ᠵᠠᠭᠪᠣᠷ ᠪᠣᠯᠣᠨ ᠠᠵᠢᠯ ᠦᠷᠨᠢᠭᠦᠯᠦᠭᠰᠡᠨ ᠪᠠᠶᠢᠳᠡᠯ ᠤᠨ ᠲᠤᠬᠠᠢ ᠨᠠᠷᠢᠨ ᠮᠡᠳᠡᠭᠦᠯᠦᠯᠲᠡ ᠶᠢ ᠰᠣᠨᠦᠰᠴᠡᠢ᠃ ᠲᠠᠷᠠᠭ᠎ᠠ ᠨᠢ᠂ ᠲᠡᠳᠡ ᠣᠷᠢᠳ ᠬᠤᠵᠢᠳ ᠲᠠᠪᠤᠨ ᠵᠡᠮᠳᠡᠭᠴᠦᠳ  ᠤᠨ ᠭᠡᠷ ᠡᠷᠣᠭᠡ ᠳᠤ ᠬᠥᠨᠵᠡᠭᠡᠶᠢᠷᠠᠵᠦ᠂ ᠪᠣᠳᠠᠲᠠᠢ ᠠᠮᠢᠳᠤᠷᠠᠯ ᠤᠨ ᠬᠢᠨᠢ ᠪᠠᠶᠢᠳᠠᠯ ᠵᠡᠷᠭᠡ ᠶᠢ ᠬᠥᠨᠵᠡᠭᠡᠢ ᠣᠶᠢᠯᠠᠭᠠᠡᠡᠰᠡᠨ ᠪᠥᠭᠡᠳ ᠲᠤᠰ ᠲᠣᠰ ᠲᠣᠬᠤᠨᠢᠭᠤᠯᠬᠤ ᠮᠥᠩᠬᠦ ᠬᠦᠷᠭᠡᠵᠡᠢ᠃
       ᠲᠦᠩ ᠬᠦᠸᠧ ᠴᠢᠩ ᠠᠷᠦ ᠬᠤᠷᠴᠢᠨ ᠬᠤᠰᠢᠭᠤᠨ ᠤ ᠵᠡᠮᠳᠡᠭᠴᠤᠤᠨ ᠤᠨ ᠬᠤᠯᠪᠤᠭ᠎ᠠ ᠶᠢᠨ ᠠᠵᠢᠯ ᠢ ᠬᠦᠢᠴᠡᠳ ᠨᠤᠳᠠᠯᠬᠤ ᠶᠢᠨ ᠬᠠᠮᠲᠤ  ᠴᠢᠩᠭᠠᠣᠡᠬᠠᠬᠤ ᠳᠤ ᠪᠠᠨ᠂ ᠵᠡᠮᠳᠡᠭᠴᠤᠤᠨ ᠤᠨ ᠦᠢᠯᠡᠰ ᠤᠨ ᠬᠥᠭᠵᠢᠯᠲᠠ ᠨᠢ᠄ ᠵᠡᠮᠳᠡᠭᠴᠤᠤᠨ ᠤᠨ ᠭᠡᠷ ᠪᠦᠯᠢ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠵᠢᠴᠢ ᠨᠡᠶᠢᠭᠡᠮ ᠤᠨ ᠡᠶ᠎ᠡ ᠵᠣᠬᠢᠴᠠᠩᠭᠤᠢ ᠲᠣᠭᠳᠠᠭᠤᠨ ᠲᠠᠢ ᠬᠤᠯᠪᠣᠭᠳᠠᠵᠤ ᠪᠠᠶᠢᠳᠠᠭ᠂ ᠬᠠᠮᠢᠶ᠎ᠠ ᠪᠦᠬᠦᠢ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠬᠤ ᠵᠢᠢᠨ ᠬᠠᠮᠲᠦ ᠢᠳᠡᠪᠬᠢᠲᠡᠢ ᠦᠷᠨᠢᠭᠦᠯᠬᠦ ᠬᠡᠷᠡᠭᠲᠡᠢ᠃ ᠦᠢᠯᠡᠴᠢᠯᠡᠭᠡᠨ ᠤ ᠴᠢᠳᠡᠪᠦᠷᠢ ᠪᠠᠨ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠬᠦᠨᠵᠡᠭᠡᠢ ᠪᠠᠶᠢᠴᠠᠭᠠᠨ ᠰᠤᠳᠤᠯᠦᠯᠲᠠ ᠬᠢᠵᠦ᠂ ᠵᠠᠮᠳᠡᠭᠴᠦᠳ ᠤᠨ ᠠᠳᠠᠯᠢ ᠪᠤᠰᠦ ᠬᠡᠷᠡᠭᠴᠡᠭᠡ ᠱᠠᠭᠠᠷᠳᠠᠯᠭ᠎ᠠ ᠶᠢ ᠬᠦᠢᠴᠡᠳ ᠣᠶᠢᠯᠠᠭᠠᠨ᠂ ᠣᠷᠣᠰᠢᠵᠦ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠦᠨᠡᠡᠬᠦ ᠰᠢᠢᠣᠡᠪᠣᠷᠢᠯᠡᠬᠦ ᠬᠡᠷᠡᠭᠲᠡᠢ᠃ ᠵᠡᠮᠳᠡᠭᠴᠦᠳ ᠤᠨ ᠡᠳ᠋ ᠪᠤᠳᠡᠰ ᠤᠨ ᠬᠡᠷᠡᠭᠴᠡᠭᠡ ᠪᠠ ᠣᠶᠣᠨ ᠰᠠᠨᠠᠭᠠᠨ ᠤ ᠬᠡᠷᠡᠭᠴᠡᠭᠡ ᠶᠢ ᠬᠠᠮᠲᠤ ᠳᠤᠨᠢ ᠬᠠᠷᠠᠭᠠᠯᠵᠠᠵᠤ᠂ ᠲᠠᠳᠠᠨᠠᠷ ᠤᠨ ᠬᠥᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠪᠠ ᠠᠮᠤᠷ ᠲᠦᠪᠰᠢᠨ ᠤ ᠲᠥᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠳᠡᠢ ᠭᠡᠵᠡᠢ᠃ ︵ᠯᠢᠤ ᠰᠢᠨ ᠲᠢᠩ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号