ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠣᠨ ᠱᠠᠡᠰᠢ ᠶᠢᠨ ᠯᠦᠩ ᠶᠤᠸᠠᠨ ᠰᠢᠨ᠎ᠡ ᠡᠨᠧᠷᠬᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ ᠠᠮᠢᠲᠤ ᠤᠷᠭᠠᠨᠢᠰᠮ ᠤᠨ ᠰᠠᠯᠬᠢ ᠭᠡᠷᠡᠯ ᠴᠠᠬᠢᠯᠭᠠᠨ ᠭᠡᠢ ᠢᠯᠴᠢ ᠶᠢ ᠨᠢᠭᠡ ᠴᠣᠡᠡᠴᠠᠵᠢᠭᠤᠯᠣᠡᠡᠰᠡᠨ ᠲᠦᠷᠥᠯ ᠵᠦᠢᠯ ᠢ ᠵᠤᠯᠭᠠᠭᠤᠯᠬᠤ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2024/7/11
       7 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠠᠷᠤ ᠬᠤᠷᠴᠢᠨ ᠬᠤᠰᠢᠭᠤᠨ ᠤ ᠵᠠᠰᠠᠭ ᠤᠨ ᠣᠷᠳᠣᠨ ᠪᠣᠯᠣᠨ ᠱᠠᠨᠰᠢ ᠶᠢᠨ ᠯᠦᠩ ᠶᠤᠸᠠᠨ ᠰᠢᠨ᠎ᠡ ᠡᠨᠧᠷᠭᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠪᠠᠶᠢᠭᠤᠯᠤᠯᠳᠡ ᠶᠢᠨ ᠨᠠᠢᠮᠠᠳᠣᠭᠠᠷ ᠢᠨᠵᠧᠨᠧᠷᠢᠩ ᠤᠨ ᠲᠣᠪᠴᠢᠶ᠎ᠡ ᠶᠢᠨ ᠬᠤᠶᠠᠳᠤᠭᠠᠷ ᠪᠦᠲᠦᠭᠡᠨ ᠪᠠᠶᠢᠭᠤᠯᠤᠯᠲᠡ ᠶᠢᠨ ᠬᠢᠵᠠᠭᠠᠷᠲᠤ ᠺᠣᠮᠫᠠᠨᠢ᠂ ᠴᠢᠶᠣᠣ ᠳ᠋ᠦᠩ ᠹᠠᠩ ᠣᠰᠣᠳᠦ᠋ᠷᠣᠭ᠍ᠴᠢ ᠶᠢᠨ ᠡᠨᠧᠷᠭᠢ ᠶᠢᠨ ᠰᠢᠨᠵᠢᠯᠡᠬᠦ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠠᠮᠢᠲᠤ ᠣᠷᠭᠠᠨᠢᠰᠮ ᠤᠨ ᠰᠠᠯᠬᠢ ᠬᠡᠷᠡᠯ ᠴᠠᠬᠢᠯᠭᠠᠨ ᠭᠡᠢ ᠢᠯᠴᠢ ᠶᠢ ᠨᠢᠭᠡ ᠴᠤᠭᠴᠠᠵᠢᠭᠤᠯᠤᠭᠰᠠᠨ ᠳᠦᠷᠥᠯ ᠵᠦᠢᠯ ᠢ ᠵᠤᠯᠭᠠᠭᠤᠯᠬᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ  ᠤ ᠪᠠᠶᠢᠩᠭᠤ ᠶᠢᠨ ᠲᠡᠳ᠋ ᠲᠠᠷᠤᠭ᠎ᠠ ᠵᠢᠶᠠ ᡁᠢ ᠬᠤᠩ᠂ ᠱᠠᠡᠰᠢ ᠶᠢᠨ ᠯᠦᠩ ᠶᠤᠸᠠᠨ ᠰᠢᠨ᠎ᠡ ᠡᠨᠧᠷᠭᠢ ᠶᠢᠨ ᠰᠣᠷᠪᠤᠯᠵᠢ  ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠲᠠᠭᠠᠭᠠᠮᠠᠯ ᠫᠠᠩ ᠬᠤᠩ ᠢᠦᠢ ᠬᠤᠷᠠᠯ ᠳᠤ ᠣᠷᠤᠯᠴᠠᠵᠠᠢ᠃
       ᠬᠤᠷᠠᠯ ᠳᠡᠭᠡᠷ᠎ᠡ᠂ ᠱᠠᠡᠰᠢ ᠶᠢᠨ ᠯᠦᠩ ᠶᠤᠸᠠᠨ ᠰᠢᠨ᠎ᠡ ᠡᠨᠧᠷᠭᠢ ᠶᠢᠨ ᠰᠤᠷᠪᠣᠯᠵᠢ ᠶᠢᠨ ᠬᠢᠵᠠᠭᠠᠷᠲᠤ ᠬᠦ᠋ᠮᠫᠠᠨᠢ᠂ ᠲᠤᠮᠳᠠᠳᠤ ᠤᠯᠤᠰ ᠤᠨ ᠪᠠᠷᠢᠯᠭ᠎ᠠ ᠪᠠᠶᠢᠭᠤᠯᠤᠯᠳᠡ ᠶᠢᠨ ᠨᠠᠢᠮᠠᠳᠣᠭᠠᠷ ᠢᠡᠵᠧᠨᠧᠷᠢᠩ ᠤᠨ ᠲᠣᠪᠴᠢᠶ᠎ᠠ ᠶᠢᠨ ᠬᠤᠶᠠᠳᠤᠭᠠᠷ ᠪᠦᠳᠦᠭᠡᠨ ᠪᠠᠶᠢᠭᠤᠯᠤᠯᠲᠡ ᠶᠢᠨ ᠬᠢᠵᠠᠭᠠᠷᠲᠤ ᠺᠣᠮᠫᠠᠨᠢ᠂ ᠴᠢᠶᠣᠣ ᠳ᠋ᠦᠩ ᠹᠠᠩ ᠣᠰᠣᠳᠦ᠋ᠷᠣᠭ᠍ᠴᠢ ᠶᠢᠨ ᠡᠨᠧᠷᠭᠢ ᠶᠢᠨ ᠰᠢᠨᠵᠢᠯᠡᠬᠦ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢᠨ ᠬᠠᠮᠢᠶ᠎ᠡ ᠪᠥᠬᠦᠢ ᠬᠠᠷᠢᠭᠤᠴᠡᠯᠭᠠᠲᠠᠨ ᠠᠴᠠ ᠠᠵᠤ ᠠᠬᠤᠶᠢᠯᠠᠯ ᠤᠨ ᠬᠥᠭᠵᠢᠯᠲᠠ ᠶᠢᠨ ᠪᠠᠶᠢᠳᠠᠯ ᠬᠢᠭᠡᠳ ᠬᠠᠮᠳᠤᠷᠠᠯᠴᠠᠭᠠᠨ ᠤ ᠰᠠᠨᠠᠮᠵᠢ  ᠶᠢ ᠲᠠᠨᠢᠯᠴᠠᠭᠤᠯᠵᠤ᠂ ᠬᠤᠷᠠᠯ ᠳᠤ ᠣᠷᠤᠯᠴᠠᠭᠰᠠᠳ ᠳᠦᠷᠣᠯ ᠵᠦᠢᠯ ᠤᠨ ᠬᠠᠮᠳᠤᠷᠠᠯᠴᠠᠭᠠᠨ ᠤ ᠠᠷᠭ᠎ᠠ ᠮᠠᠶ᠋ᠢᠭ᠂ ᠪᠦᠲᠦᠭᠡᠨ ᠪᠠᠶᠢᠭᠤᠯᠤᠯᠲᠡ ᠶᠢᠨ ᠠᠭᠤᠯᠭ᠎ᠠ᠂ ᠬᠦᠴᠦᠨ ᠵᠦᠢᠯ ᠤᠨ ᠪᠠᠲᠦᠯᠠᠭ᠎ᠠ ᠵᠡᠷᠭᠡ ᠲᠠᠯ᠎ᠠ ᠪᠠᠷ ᠰᠠᠨᠠᠯ ᠪᠣᠳᠣᠯ  ᠢᠶᠠᠨ ᠬᠥᠨᠵᠡᠭᠡᠢ ᠶᠠᠷᠢᠯᠴᠡᠨ ᠰᠤᠯᠢᠯᠴᠡᠪᠡ᠃        ᠵᠢᠶᠡ ᠶᠢ ᠬᠤᠩ ᠬᠤᠰᠢᠭᠤᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠢ ᠲᠥᠯᠦᠭᠡᠯᠠᠨ ᠠᠵᠤ ᠠᠬᠤᠶᠢᠯᠡᠯ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠠᠷᠤ ᠬᠤᠷᠴᠢᠨ ᠬᠤᠰᠢᠭᠤᠨ ᠤ ᠰᠠᠯᠬᠢ ᠬᠡᠷᠡᠯ ᠤᠨ ᠡᠨᠧᠷᠬᠢ ᠤᠨ ᠡᠬᠢ ᠪᠠᠶᠠᠯᠢᠭ ᠡᠯᠪᠡᠭ ᠲᠡᠯᠪᠡᠭ᠂ ᠬᠥᠭᠵᠢᠯᠲᠡ ᠶᠢᠨ ᠢᠷᠡᠭᠡᠳᠦᠢ ᠰᠠᠷᠠᠭᠤᠯ ᠠᠭᠤᠲᠠᠮ᠂ ᠬᠤᠶᠠᠷ ᠳᠠᠯ᠎ᠠ ᠪᠠᠷ ᠢᠶᠠᠨ ᠲᠤᠰ ᠤᠲᠠᠭᠠᠨ ᠤ ᠰᠠᠭᠤᠳᠠᠯ ᠤᠨ ᠬᠤᠷᠠᠯ ᠤᠨ ᠬᠥᠨᠵᠡᠭᠡᠢ ᠰᠤᠯᠢᠯᠴᠠᠭ᠎ᠠ ᠪᠠᠷ ᠳᠠᠮᠵᠢᠭᠤᠯᠤᠨ ᠣᠶᠢᠯᠠᠭᠠᠯᠴᠠᠭ᠎ᠠ ᠪᠠᠨ ᠣᠯᠠᠮ ᠨᠢᠭᠡ ᠠᠯᠬᠤᠮ ᠨᠡᠮᠡᠭᠳᠡᠭᠦᠯᠵᠤ᠂ ᠢᠳᠡᠭᠡᠯᠴᠡᠭᠡ ᠪᠠᠨ ᠭᠦᠡᠵᠡᠭᠡᠶᠢᠷᠡᠭᠦᠯᠤᠨ᠂ ᠬᠠᠷᠢᠯᠴᠡᠨ ᠠᠰᠢᠭᠳᠡᠢ ᠬᠠᠮᠲᠤ ᠪᠠᠷ ᠠᠰᠢᠭ ᠬᠦᠷᠳᠡᠬᠦ ᠨᠡᠩ ᠣᠯᠠᠨ ᠬᠠᠮᠲᠤᠷᠠᠯᠴᠠᠭᠠᠨ ᠤ ᠵᠬᠠᠪᠣᠷ ᠢ ᠬᠠᠶᠢᠨ ᠰᠦᠪᠡᠭᠴᠢᠯᠡᠬᠦ ᠶᠢ ᠬᠥᠰᠡᠵᠦ ᠪᠠᠶᠢᠨ᠎ᠠ᠃ ᠠᠷᠦ ᠬᠤᠷᠴᠢᠨ ᠬᠤᠰᠢᠭᠤ ᠨᠢ ᠦᠩᠬᠡᠷᠡᠭᠰᠡᠨ ᠲᠠᠢ ᠪᠠᠨ ᠠᠳᠠᠯᠢ ᠪᠠᠷ ᠰᠢᠯᠢᠳᠡᠭ ᠦᠢᠯᠡᠴᠢᠯᠡᠭᠡ ᠬᠠᠩᠭᠠᠨ᠂ ᠠᠰᠢᠭᠲᠡᠢ ᠨᠥᠬᠦᠴᠡᠯ ᠢ ᠡᠭᠦᠳᠴᠦ᠂ ᠴᠢᠬᠤᠯᠠ ᠬᠦᠴᠤᠨ ᠵᠦᠢᠯ  ᠤᠨ ᠪᠠᠲᠤᠯᠠᠭ᠎ᠠ ᠶᠢ ᠴᠢᠩᠭᠠᠣᠡᠬᠠᠵᠤ᠂ ᠠᠵᠤ ᠠᠬᠤᠶᠢᠯᠠᠯ ᠤᠨ ᠠᠷᠦ ᠬᠤᠷᠴᠢᠨ ᠬᠤᠰᠢᠭᠤᠨ ᠳᠤ ᠪᠠᠯᠡ ᠣᠷᠣᠭᠤᠯᠤᠨ ᠦᠢᠯᠡᠰ ᠪᠣᠰᠬᠠᠬᠤ ᠳᠤ  ᠰᠠᠶᠢᠨ  ᠰᠠᠶᠢᠬᠠᠨ  ᠣᠷᠴᠢᠨ  ᠨᠥᠬᠦᠴᠡᠯ   ᠢ  ᠪᠦᠷᠢᠯᠳᠦᠭᠦᠯᠵᠦ  ᠥᠭᠭᠦᠨ᠎ᠡ  ᠭᠡᠵᠦ  ᠢᠯᠡᠷᠭᠡᠶᠢᠯᠡᠵᠡᠢ᠃        ᠫᠠᠩ ᠬᠤᠩ ᠢᠣᠢ ᠢᠯᠡᠷᠬᠡᠶᠢᠯᠡᠬᠦ ᠳᠡᠭᠡᠨ᠂ ᠠᠵᠤ ᠠᠬᠤᠶᠢᠯᠡᠯ ᠨᠢ ᠣᠷᠣᠨ ᠨᠤᠳᠤᠭ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠲᠤᠰ ᠪᠠᠶ᠎ᠡ ᠶᠢᠨ ᠴᠢᠳᠠᠪᠤᠷᠢ ᠪᠠᠨ ᠪᠠᠳᠠᠷᠠᠭᠤᠯᠵᠤ᠂ ᠮᠡᠷᠭᠡᠵᠢᠯ᠂ ᠪᠡᠯᠡ ᠮᠥᠩᠭᠦ ᠪᠠ ᠴᠢᠳᠡᠪᠤᠷᠢᠲᠡᠨ ᠤ ᠲᠠᠯ᠎ᠠ ᠶᠢᠨ ᠲᠠᠪᠠᠭᠤᠯᠢᠭ ᠢᠶᠠᠨ ᠬᠦᠢᠴᠡᠳ ᠠᠰᠢᠭᠯᠠᠨ᠂ ᠬᠠᠮᠳᠤᠷᠠᠯᠴᠠᠭ᠎ᠠ ᠶᠢᠨ ᠬᠥᠭᠵᠢᠯᠲᠠ ᠶᠢ ᠨᠡᠩ ᠬᠦᠨ ᠳᠠᠰ ᠳᠠᠪᠬᠤᠷᠭ᠎ᠠ᠂ ᠨᠡᠩ ᠥᠷᠭᠡᠨ ᠬᠦᠷᠢᠶ᠎ᠡ ᠬᠡᠪᠴᠢᠶ᠎ᠡ ᠲᠠᠰᠢ ᠲᠦᠯᠬᠢᠨ ᠠᠬᠢᠭᠤᠯᠵᠤ᠂ ᠠᠷᠦ ᠬᠤᠷᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠡᠷ ᠰᠠᠶᠢᠲᠠᠢ ᠬᠥᠭᠵᠢᠯᠲᠠ ᠳᠤ ᠬᠦᠴᠣᠨ ᠨᠠᠮᠡᠷᠢᠯᠠᠨ᠎ᠠ ᠭᠡᠵᠡᠢ᠃        ᠬᠤᠰᠢᠭᠤᠨ ᠵᠠᠰᠠᠭ ᠤᠨ ᠤᠷᠳᠤᠨ ᠤ ᠠᠯᠪᠠᠨ ᠭᠡᠷ᠂ ᠬᠥᠭᠵᠢᠭᠦᠯᠦᠯᠲᠠ ᠦᠭᠡᠷᠡᠴᠢᠯᠠᠯᠳᠠ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠪᠠ ᠪᠠᠯᠡ ᠣᠷᠣᠭᠤᠯᠤᠯᠲᠠ ᠶᠢ ᠠᠬᠢᠭᠤᠯᠬᠤ ᠳᠣᠪᠴᠢᠶ᠎ᠠ᠂ ᠠᠵᠤ ᠦᠢᠯᠡᠳᠪᠣᠷᠢ ᠮᠡᠳᠡᠭᠡ ᠵᠠᠩᠭᠢᠴᠢᠯᠡᠯᠲᠠ ᠪᠠ ᠰᠢᠨᠵᠢᠯᠡᠬᠦ ᠤᠠᠭᠠᠨ ᠲᠧᠭᠨᠢᠭ ᠮᠡᠷᠭᠡᠵᠢᠯ ᠤᠨ ᠳᠣᠪᠴᠢᠶ᠎ᠡ ᠵᠢᠴᠢ ᠱᠠᠨᠰᠢ ᠶᠢᠨ ᠯᠥᠩ ᠶᠤᠸᠠᠨ ᠰᠢᠨ᠎ᠡ ᠡᠧᠷᠬᠢ ᠶᠢᠨ ᠰᠤᠷᠪᠤᠯᠵᠢ ᠶᠢᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠠᠷᠢᠯᠭ᠎ᠠ ᠪᠠᠶᠢᠭᠤᠯᠤᠯᠲᠠ ᠶᠢᠨ ᠨᠠᠢᠮᠠᠳᠣᠭᠠᠷ ᠢᠨᠵᠧᠨᠧᠷᠢᠩ ᠤᠨ ᠲᠣᠪᠴᠢᠶ᠎ᠠ ᠶᠢᠨ ᠬᠤᠶᠠᠳᠤᠭᠠᠷ ᠪᠦᠳᠦᠭᠡᠨ  ᠪᠠᠶᠢᠭᠤᠯᠤᠯᠲᠠ   ᠶᠢᠨ  ᠬᠢᠵᠠᠭᠠᠷᠲᠦ  ᠺᠣᠮᠫᠠᠨᠢ᠂ ᠴᠢᠶᠣᠣ ᠳ᠋ᠦᠩ ᠹᠠᠩ ᠣᠰᠣᠳᠦ᠋ᠷᠣᠭ᠍ᠴᠢ ᠶᠢᠨ ᠡᠨᠧᠷᠬᠢ ᠶᠢᠨ ᠰᠢᠨᠵᠢᠯᠡᠬᠦ ᠮᠡᠷᠭᠡᠵᠢᠯ ︵ᠪᠡᠭᠡᠵᠢᠩ︶ ᠤᠨ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠢ ᠬᠠᠷᠢᠭᠤᠴᠠᠯᠭᠠᠲᠠᠨ ᠬᠤᠷᠠᠯ ᠳᠤ ᠣᠷᠤᠯᠴᠠᠵᠠᠢ᠃ ︵ᠵᠣᠣ ᠶᠠ ᠨᠠᠨ︶
 
ᠢᠷᠡᠯᠲᠡ᠄ ᠠᠷᠣ ᠬᠤᠷᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05003979号